︽ᠤᠬᠠᠭᠠᠯᠢᠭ ᠵᠠᠰᠠᠭ ︾ ᠲᠥᠰᠥᠯ ᠦᠨ ᠲᠠᠯ᠎ᠠ ᠪᠠᠷ ᠰᠠᠨᠠᠯ ᠰᠤᠯᠢᠯᠴᠠᠪᠠ   | News.MN

︽ᠤᠬᠠᠭᠠᠯᠢᠭ ᠵᠠᠰᠠᠭ ︾ ᠲᠥᠰᠥᠯ ᠦᠨ ᠲᠠᠯ᠎ᠠ ᠪᠠᠷ ᠰᠠᠨᠠᠯ ᠰᠤᠯᠢᠯᠴᠠᠪᠠ  

ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠲᠡᠷᠢᠭᠦᠨ ᠳᠡᠳ᠋ ᠳᠠᠷᠤᠭ᠎ᠠ ᠭ∙ᠪᠠᠶᠠᠰᠬᠤᠯᠠᠩ ᠮᠡᠳᠡᠭᠡᠯᠡᠯ ᠦᠨ ᠲᠧᠭᠨᠣᠯᠣᠭᠢ ᠶᠢᠨ ᠳᠡᠪᠰᠢᠯ ᠢ ᠠᠰᠢᠭᠯᠠᠨ ᠲᠥᠷᠥ ᠶᠢᠨ ᠦᠢᠯᠡᠴᠢᠯᠡᠭᠡ ᠶᠢ ᠢᠯᠡᠭᠦᠦ ᠬᠠᠷᠢᠭᠤᠴᠠᠯᠭ᠎ᠠ ᠲᠠᠢ᠂ ᠦᠷ᠎ᠡ ᠠᠰᠢᠭᠲᠠᠢ᠂ ᠢᠯᠡ ᠲᠣᠳᠣ᠂ ᠬᠦᠷᠲᠡᠭᠡᠮᠵᠢᠲᠡᠢ ᠪᠣᠯᠭᠠᠬᠤ ᠵᠣᠷᠢᠯᠭ᠎ᠠ ᠪᠠᠷ ᠬᠡᠷᠡᠭᠵᠢᠵᠦ ᠪᠤᠢ ︽ᠤᠬᠠᠭᠠᠯᠢᠭ ᠵᠠᠰᠠᠭ︾ ᠲᠥᠰᠥᠯ ᠦᠨ ᠲᠠᠯ᠎ᠠ ᠪᠠᠷ ᠳᠡᠯᠡᠬᠡᠢ ᠶᠢᠨ ᠪᠠᠩᠬᠢᠨ ᠤ ᠮᠣᠩᠭᠣᠯ ᠳ᠋ᠡᠬᠢ ᠰᠠᠭᠤᠷᠢᠨ ᠲᠥᠯᠥᠭᠡᠯᠡᠭᠴᠢ ᠠᠨᠳ᠋ᠸᠷᠡᠢ ᠮᠢᠾᠨᠧᠪ ᠲᠠᠢ ᠰᠠᠨᠠᠯ ᠰᠤᠯᠢᠯᠴᠠᠪᠠ᠃
ᠮᠣᠩᠭᠣᠯ ᠤᠯᠤᠰ ᠤᠨ ᠵᠠᠰᠠᠭ ᠤᠨ ᠭᠠᠵᠠᠷ ᠲᠥᠷᠥ ᠶᠢᠨ ᠳ᠋ᠢᠵᠢᠲ᠋ᠠᠯ ᠰᠢᠯᠵᠢᠯᠲᠡ᠂ ᠢᠷᠭᠡᠨ ᠲᠥᠪ ᠲᠡᠢ ᠲᠥᠷᠥ ᠶᠢᠨ ᠦᠢᠯᠡᠴᠢᠯᠡᠭᠡ ᠶᠢ ᠲᠡᠷᠢᠭᠦᠯᠡᠬᠦ ᠵᠣᠷᠢᠯᠭ᠎ᠠ ᠪᠣᠯᠭᠠᠨ ᠲᠥᠷᠥ ᠶᠢᠨ ᠵᠢᠷᠭᠤᠭᠠᠨ ᠪᠠᠶᠢᠭᠤᠯᠤᠯᠭ᠎ᠠ ᠳᠤ ᠳ᠋ᠢᠵᠢᠲ᠋ᠠᠯ ᠰᠢᠯᠵᠢᠯᠲᠡ ᠶᠢ ᠪᠦᠷᠢᠨ ᠬᠡᠮᠵᠢᠶ᠎ᠡ ᠪᠡᠷ ᠨᠡᠪᠲᠡᠷᠡᠭᠦᠯᠬᠦ ᠠᠵᠢᠯ ᠢ ᠡᠬᠢᠯᠡᠭᠦᠯᠦᠭᠰᠡᠨ᠃ ᠲᠥᠰᠥᠯ ᠦᠨ ᠬᠦᠷᠢᠶᠡᠨ ᠳᠦ ᠬᠡᠷᠡᠭᠵᠢᠵᠦ ᠪᠠᠶᠢᠭ᠎ᠠ ᠲᠥᠷᠥ ᠶᠢᠨ ᠡᠸ᠋ᠨᠲᠸ᠋ᠷᠫᠷᠠᠶᠢᠽ ᠠᠷᠾᠢᠲᠸᠺᠲ᠋ᠤᠷ ᠤᠨ ᠵᠠᠭᠪᠤᠷᠴᠢᠯᠠᠯ᠂ ᠫᠯᠠᠲ᠋ᠹᠣᠷᠮ᠂ ᠦᠨᠳᠦᠰᠦᠨ ᠦ ᠨᠥᠭᠡᠴᠡ ᠳ᠋ᠠᠲ᠋ᠠ ᠲᠥᠪ᠂ ︽ᠬᠤᠷ᠎ᠠ︾ ᠰᠢᠰᠲ᠋ᠧᠮ ᠦᠨ ᠲᠧᠭᠨᠢᠭ ᠲᠣᠨᠣᠭ ᠲᠥᠬᠥᠭᠡᠷᠦᠮᠵᠢ ᠶᠢᠨ ᠥᠷᠭᠡᠳᠬᠡᠯ ᠨᠢ ᠳ᠋ᠢᠵᠢᠲ᠋ᠠᠯ ᠰᠢᠯᠵᠢᠯᠲᠡ ᠶᠢᠨ ᠰᠠᠭᠤᠷᠢ ᠪᠣᠯᠵᠤ ᠪᠠᠶᠢᠭ᠎ᠠ ᠶᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠲᠡᠷᠢᠭᠦᠨ ᠳᠡᠳ᠋ ᠳᠠᠷᠤᠭ᠎ᠠ ᠭ∙ᠪᠠᠶᠠᠰᠬᠤᠯᠠᠩ ᠣᠨᠴᠠᠯᠠᠪᠠ᠃ ᠤᠭ ᠲᠥᠰᠥᠯ ᠦᠨ ᠠᠩᠬᠠᠨ ᠤ ᠵᠠᠭᠪᠤᠷ ᠢ ᠮᠠᠰᠢ ᠵᠥᠪ ᠪᠣᠯᠪᠠᠰᠤᠷᠠᠭᠤᠯᠵᠤ᠂ ᠥᠨᠥᠳᠥᠷ ᠪᠡᠶᠡᠯᠡᠯ ᠢᠶᠡᠨ ᠣᠯᠵᠤ  ᠪᠠᠶᠢᠭ᠎ᠠ ᠳᠤ ᠲᠠᠯᠠᠷᠬᠠᠵᠤ ᠪᠠᠶᠢᠭ᠎ᠠ ᠪᠠᠨ ᠳᠡᠯᠡᠬᠡᠢ ᠶᠢᠨ ᠪᠠᠩᠬᠢᠨ ᠤ ᠲᠥᠯᠥᠭᠡᠯᠡᠭᠴᠢᠳ ᠢᠯᠡᠷᠬᠡᠶᠢᠯᠡᠯ᠎ᠡ᠃ ᠰᠠᠭᠤᠷᠢᠨ ᠲᠥᠯᠥᠭᠡᠯᠡᠭᠴᠢ ᠠᠨᠳ᠋ᠸᠷᠡᠢ ᠮᠢᠾᠨᠧᠪ ᠂ ᠮᠣᠩᠭᠣᠯ ᠤᠯᠤᠰ ᠲᠤ ᠶᠡᠬᠡᠬᠡᠨ ᠦᠷ᠎ᠡ ᠦᠭᠭᠦᠭᠡᠵᠢ ᠪᠡᠨ ᠥᠭᠬᠦ ᠨᠡᠩ ᠲᠡᠷᠢᠭᠦᠨ ᠦ ᠠᠴᠢ ᠬᠣᠯᠪᠣᠭᠳᠠᠯ ᠪᠦᠬᠦᠢ ᠲᠥᠰᠥᠯ ᠦᠨ ᠨᠢᠭᠡ ᠨᠢ ᠤᠬᠠᠭᠠᠯᠢᠭ ᠵᠠᠰᠠᠭ ᠲᠥᠰᠥᠯ ᠪᠣᠯᠬᠤ ᠶᠢ ᠣᠨᠴᠠᠯᠠᠭᠰᠠᠨ ᠶᠤᠮ ᠃ ᠮᠦᠨ ᠲᠥᠰᠥᠯ ᠦᠨ ᠬᠦᠷᠢᠶᠡᠨ ᠳᠦ ᠬᠡᠷᠡᠭᠵᠢᠵᠦ ᠪᠠᠶᠢᠭ᠎ᠠ ᠠᠵᠢᠯ ᠤᠳ᠂ ᠲᠡᠳᠡᠭᠡᠷ ᠦᠨ ᠬᠡᠷᠡᠭᠵᠢᠯᠲᠡ᠂ ᠴᠠᠭᠠᠰᠢᠳᠠ ᠶᠢᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃
ᠤᠬᠠᠭᠠᠯᠢᠭ ᠵᠠᠰᠠᠭ ᠲᠥᠰᠥᠯ ᠦᠨ ᠬᠦᠷᠢᠶᠡᠨ ᠳᠦ ᠳᠡᠭᠡᠷᠡᠬᠢ ᠡᠴᠡ ᠨᠡᠭᠡᠭᠡᠯᠲᠡ ᠲᠡᠢ ᠥᠭᠭᠥᠭᠳᠡᠯ ᠢ ᠬᠥᠭᠵᠢᠭᠦᠯᠬᠦ᠂ ᠮᠣᠩᠭᠣᠯ ᠤᠯᠤᠰ ᠤᠨ ᠰᠲ᠋ᠠᠲ᠋ᠢᠰᠲ᠋ᠢᠺ ᠤᠨ ᠮᠡᠳᠡᠭᠡᠯᠡᠯ ᠦᠨ ᠪᠣᠯᠪᠠᠰᠤᠷᠠᠭᠤᠯᠬᠤ ᠴᠢᠳᠠᠪᠬᠢ ᠶᠢ ᠨᠡᠮᠡᠭᠳᠡᠭᠦᠯᠬᠦ᠂ ᠮᠡᠳᠡᠭᠡᠯᠡᠯ ᠦᠨ ᠲᠧᠭᠨᠣᠯᠣᠭᠢ ᠶᠢᠨ ᠳᠡᠪᠰᠢᠯ ᠢ ᠠᠰᠢᠭᠯᠠᠨ ᠢᠷᠭᠡᠳ ᠦᠨ ᠣᠷᠣᠯᠴᠠᠭ᠎ᠠ ᠶᠢ ᠳᠡᠮᠵᠢᠬᠦ ᠵᠣᠷᠢᠯᠭ᠎ᠠ ᠲᠠᠢ ᠠᠵᠢᠯᠯᠠᠵᠤ ᠪᠠᠶᠢᠭ᠎ᠠ ᠪᠢᠯᠡ᠃ ᠲᠥᠰᠥᠯ ᠦᠨ ᠬᠦᠷᠢᠶᠡᠨ ᠳᠦ ᠡᠳ᠋ ᠬᠥᠷᠥᠩᠭᠡ ᠶᠢᠨ ᠡᠷᠬᠡ ᠶᠢᠨ ᠪᠦᠷᠢᠳᠬᠡᠯ ᠦᠨ ᠴᠠᠬᠢᠮ ᠰᠢᠰᠲ᠋ᠧᠮ ᠢ ᠤᠯᠤᠰ ᠣᠷᠣᠨ ᠳᠠᠶᠠᠭᠠᠷ ᠪᠦᠷᠢᠨ ᠨᠡᠪᠲᠡᠷᠡᠭᠦᠯᠦᠭᠡᠳ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ