ᠮᠣᠩᠭᠣᠯ᠂ ᠣᠷᠣᠰ᠂ ᠬᠢᠲᠠᠳ ᠤᠨ ᠳᠡᠳ᠋ ᠰᠠᠶᠢᠳ ᠨᠠᠷ  ᠠᠭᠤᠯᠵᠠᠪᠠ | News.MN

ᠮᠣᠩᠭᠣᠯ᠂ ᠣᠷᠣᠰ᠂ ᠬᠢᠲᠠᠳ ᠤᠨ ᠳᠡᠳ᠋ ᠰᠠᠶᠢᠳ ᠨᠠᠷ  ᠠᠭᠤᠯᠵᠠᠪᠠ

ᠮᠣᠩᠭᠣᠯ᠂ ᠣᠷᠣᠰ᠂ ᠬᠢᠲᠠᠳ ᠤᠨ ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠨᠠᠷ ᠤᠨ ᠡᠭᠡᠯᠵᠢᠲᠦ ᠠᠭᠤᠯᠵᠠᠯᠲᠠ ᠥᠨᠥᠳᠥᠷ ᠪᠡᠭᠡᠵᠢᠩ ᠬᠤᠲᠠ ᠳᠤ ᠪᠣᠯᠪᠠ᠃ ᠠᠭᠤᠯᠵᠠᠯᠲᠠ ᠳᠤ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ∙ᠪᠠᠲᠤᠴᠡᠴᠡᠭ᠂ ᠣᠷᠣᠰ ᠤᠨ ᠬᠣᠯᠪᠣᠭᠠᠨ ᠤ ᠤᠯᠤᠰ ᠤᠨ ᠭᠠᠳᠠᠭᠠᠳᠤ ᠬᠡᠷᠡᠭ ᠦᠨ ᠣᠷᠣᠯᠠᠭᠴᠢ ᠰᠠᠶᠢᠳ ᠢ᠊∙ᠸ∙ᠮᠤᠷᠭᠤᠯᠤᠪ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠭᠠᠳᠠᠭᠠᠳᠤ ᠬᠡᠷᠡᠭ ᠦᠨ ᠳᠡᠳ᠋ ᠰᠠᠶᠢᠳ ᠵᠠᠩ ᠬᠠᠨ ᠬᠤᠢ ᠨᠠᠷ ᠭᠤᠷᠪᠠᠨ ᠲᠠᠯ᠎ᠠ ᠶᠢᠨ ᠲᠥᠯᠥᠭᠡᠯᠡᠭᠴᠢᠳ ᠢ ᠲᠡᠷᠢᠭᠦᠯᠡᠭᠰᠡᠨ ᠶᠤᠮ᠃
ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠨᠠᠷ ᠭᠤᠷᠪᠠᠨ ᠲᠠᠯ᠎ᠠ ᠶᠢᠨ ᠲᠷᠡᠨᠽᠢᠲ ᠲᠡᠭᠡᠭᠡᠪᠦᠷᠢ᠂ ᠭᠠᠶᠢᠯᠢ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠶᠢᠨ ᠬᠠᠮᠲᠤ ᠶᠢᠨ ᠠᠵᠢᠯᠯᠠᠭᠠᠨ ᠳᠤ ᠲᠣᠳᠣᠷᠬᠠᠢ ᠠᠬᠢᠴᠠ ᠭᠠᠷᠴᠤ ᠪᠤᠢ ᠶᠢ ᠲᠡᠮᠳᠡᠭᠯᠡᠬᠦ ᠶᠢᠨ ᠵᠡᠷᠭᠡᠴᠡᠭᠡ ᠬᠠᠮᠲᠤ ᠶᠢᠨ ᠠᠵᠢᠯᠯᠠᠭ᠎ᠠ ᠶᠢ ᠴᠢᠨᠠᠭᠰᠢᠳᠠ ᠬᠤᠳᠠᠯᠳᠤᠭ᠎ᠠ᠂ ᠡᠳ᠋ ᠍ ᠦᠨ ᠵᠠᠰᠠᠭ᠂ ᠰᠤᠶᠤᠯ᠂ ᠪᠣᠯᠪᠠᠰᠤᠷᠠᠯ᠂ ᠬᠦᠮᠦᠯᠢᠭ ᠵᠡᠷᠭᠡ ᠪᠦᠬᠦᠢ ᠯᠠ ᠰᠠᠯᠪᠤᠷᠢ ᠳᠤ ᠥᠷᠭᠡᠵᠢᠭᠦᠯᠦᠨ ᠬᠥᠭᠵᠢᠭᠦᠯᠵᠦ᠂ ᠪᠣᠳᠠᠲᠤ ᠠᠭᠤᠯᠭ᠎ᠠ ᠪᠠᠷ ᠪᠠᠶᠠᠵᠢᠭᠤᠯᠬᠤ ᠶᠢᠨ ᠲᠤᠯᠠᠳᠠ ᠰᠠᠯᠪᠤᠷᠢ ᠶᠢᠨ ᠶᠠᠮᠤᠳ᠂ ᠪᠠᠶᠢᠭᠤᠯᠤᠯᠭ᠎ᠠ ᠨᠤᠭᠤᠳ᠂ ᠠᠵᠤ ᠠᠬᠤᠢ ᠶᠢᠨ ᠨᠢᠭᠡᠴᠡ ᠨᠦᠭᠦᠳ ᠦᠨ ᠦᠢᠯᠡ ᠠᠵᠢᠯᠯᠠᠭᠠᠨ ᠳᠤ  ᠭᠠᠳᠠᠭᠠᠳᠤ ᠬᠠᠷᠢᠯᠴᠠᠭᠠᠨ ᠤ ᠶᠠᠮᠤᠳ ᠳᠡᠮᠵᠢᠨ ᠠᠵᠢᠯᠯᠠᠬᠤ ᠪᠠᠷ ᠪᠣᠯᠪᠠ᠃  ᠮᠥᠨ ᠠᠭᠤᠯᠵᠠᠯᠲᠠ ᠪᠠᠷ ᠢᠷᠡᠬᠦ ᠰᠠᠷ᠎ᠠ ᠳᠤ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠤᠢ ᠮᠣᠩᠭᠣᠯ᠂ ᠣᠷᠣᠰ᠂ ᠬᠢᠲᠠᠳ ᠤᠨ ᠲᠥᠷᠥ ᠶᠢᠨ ᠲᠡᠷᠢᠭᠦᠨ ᠨᠠᠷ ᠤᠨ ᠡᠭᠡᠯᠵᠢᠲᠦ ᠠᠭᠤᠯᠵᠠᠯᠲᠠ ᠶᠢᠨ ᠪᠡᠯᠡᠳᠬᠡᠯ᠂ ᠲᠤᠰ ᠠᠭᠤᠯᠵᠠᠯᠲᠠ ᠶᠢᠨ ᠦᠶ᠎ᠡ ᠪᠡᠷ ᠭᠠᠷ ᠤᠨ ᠦᠰᠦᠭ ᠵᠢᠷᠤᠬᠤ ᠪᠣᠯᠤᠮᠵᠢ ᠲᠠᠢ ᠪᠠᠷᠢᠮᠲᠠ ᠪᠢᠴᠢᠭ ᠦᠳ ᠦᠨ ᠲᠠᠯ᠎ᠠ ᠪᠠᠷ ᠶᠠᠷᠢᠯᠴᠠᠵᠤ᠂ ᠲᠣᠳᠣᠷᠬᠠᠢ ᠣᠶᠢᠯᠠᠭᠠᠯᠴᠠᠯ ᠳᠤ ᠬᠦᠷᠪᠡ᠃ ᠮᠥᠨ ᠪᠥᠰᠡ ᠨᠤᠲᠤᠭ᠂ ᠣᠯᠠᠨ ᠤᠯᠤᠰ ᠤᠨ ᠬᠠᠷᠢᠯᠴᠠᠭᠠᠨ ᠤ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ