ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠥᠩᠭᠡᠯᠡᠯᠲᠡ ᠲᠡᠢ ᠵᠢᠭᠡᠯᠡ ᠶᠢᠨ ᠬᠥᠷᠥᠩᠭᠡ ᠪᠡᠷ ︽ᠵᠠᠮ ᠤᠨ ᠡᠭᠦᠳᠡ ᠶᠢᠨ ᠳᠡᠳ᠋ ᠪᠦᠲᠦᠴᠡ ᠶᠢ ᠰᠠᠶᠢᠵᠢᠷᠠᠭᠤᠯᠬᠤ ᠲᠥᠰᠥᠯ︾ ᠍ ᠢ 2011 ᠣᠨ ᠠᠴᠠ ᠬᠡᠷᠡᠭᠵᠢᠭᠦᠯᠵᠦ ᠡᠬᠢᠯᠡᠭᠰᠡᠨ ᠪᠠᠶᠢᠨ᠎ᠠ᠃ ᠡᠨᠡ ᠬᠦᠷᠢᠶᠡᠨ ᠳᠦ ᠵᠠᠮ ᠤᠨ ᠡᠭᠦᠳᠡ ᠰᠤᠮᠤ ᠪᠣᠯᠤᠨ ︽ᠵᠠᠮ ᠤᠨ ᠡᠭᠦᠳᠡ︾ ᠴᠢᠯᠦᠭᠡᠲᠦ ᠪᠥᠰᠡ ᠳᠦ ᠤᠰᠤ᠂ ᠳᠤᠯᠠᠭᠠᠨ᠂ ᠴᠠᠬᠢᠯᠭᠠᠨ ᠬᠠᠩᠭᠠᠮᠵᠢ ᠪᠣᠯᠤᠨ ᠠᠷᠢᠭᠤᠳᠬᠠᠬᠤ ᠲᠠᠲᠠᠭᠤᠷᠬᠠ᠂ ᠠᠦ᠋ᠲ᠋ᠣ᠋ ᠵᠠᠮ᠂ ᠬᠣᠯᠪᠣᠭ᠎ᠠ ᠳᠣᠬᠢᠶᠠᠯᠠᠯ ᠤᠨ ᠠᠵᠢᠯ ᠬᠢᠵᠦ ᠂ 2016-2018 ᠣᠨ ᠳᠤ ᠤᠯᠤᠰ ᠤᠨ ᠺᠣᠮᠢᠰ ᠲᠤ ᠬᠦᠯᠢᠶᠡᠯᠭᠡᠨ ᠥᠭᠴᠡᠢ᠃ ᠡᠳᠡᠭᠡᠷ ᠦᠨ ᠠᠰᠢᠭᠯᠠᠯᠲᠠ᠂ ᠦᠢᠯᠡ ᠠᠵᠢᠯᠯᠠᠭ᠎ᠠ ᠶᠢ ᠳᠣᠯᠣᠳᠤᠭᠠᠷ ᠰᠠᠷ᠎ᠠ ᠶᠢᠨ ᠨᠢᠭᠡᠨ ᠦ ᠳᠣᠲᠣᠷ᠎ᠠ ᠡᠬᠢᠯᠡᠭᠦᠯᠬᠦ ᠶᠢ ᠬᠣᠯᠪᠣᠭᠳᠠᠬᠤ ᠰᠠᠶᠢᠳ᠂ ᠠᠭᠧᠨᠲᠯᠢᠭ ᠤᠨ ᠳᠠᠷᠤᠭ᠎ᠠ ᠨᠠᠷ ᠲᠤ ᠳᠠᠭᠠᠭᠠᠯᠭᠠᠪᠠ᠃
ᠲᠥᠰᠥᠯ ᠦᠨ ᠬᠦᠷᠢᠶᠡᠨ ᠳᠦ ᠵᠠᠮ ᠤᠨ ᠡᠭᠦᠳᠡ ᠰᠤᠮᠤ ᠪᠣᠯᠤᠨ ︽ᠵᠠᠮ ᠤᠨ ᠡᠭᠦᠳᠡ︾ ᠴᠢᠯᠦᠭᠡᠲᠦ ᠪᠥᠰᠡ ᠶᠢᠨ ᠬᠡᠷᠡᠭᠯᠡᠭᠴᠢᠳ ᠢ ᠤᠮᠳᠠᠨ ᠤ ᠤᠰᠤ ᠪᠠᠷ ᠬᠠᠩᠭᠠᠬᠤ ᠤᠰᠤ ᠴᠡᠪᠡᠷᠰᠢᠭᠦᠯᠬᠦ ᠦᠢᠯᠡᠳᠪᠦᠷᠢ᠂ ᠪᠣᠬᠢᠷ ᠤᠰᠤ ᠴᠡᠪᠡᠷᠯᠡᠬᠦ ᠪᠠᠶᠢᠭᠤᠯᠤᠮᠵᠢ᠂ ᠡᠷᠴᠢᠮ ᠬᠦᠴᠦᠨ ᠦ ᠳᠡᠳ᠋ ᠰᠲ᠋ᠠᠨᠼ᠂ 13.5 ᠺᠢᠯᠣᠮᠧᠲ᠋ᠷ ᠠᠦ᠋ᠲ᠋ᠣ᠋ ᠵᠠᠮ᠂ ᠭᠡᠷᠡᠯᠲᠦᠭᠦᠯᠭᠡ᠂ ᠶᠠᠪᠠᠭᠠᠨ ᠵᠠᠮ ᠵᠡᠷᠭᠡ ᠶᠢ ᠪᠠᠷᠢᠵᠠᠢ᠃ ︽ᠵᠠᠮ ᠤᠨ-ᠡᠭᠦᠳᠡ ᠶᠢᠨ ᠳᠡᠳ᠋ ᠪᠦᠲᠦᠴᠡ ᠶᠢ ᠰᠠᠶᠢᠵᠢᠷᠠᠭᠤᠯᠬᠤ ᠲᠥᠰᠥᠯ︾ 58.8 ᠰᠠᠶ᠎ᠠ ᠳ᠋ᠣᠯᠯᠠᠷ ᠤᠨ ᠥᠷᠲᠡᠭ ᠲᠡᠢ ᠪᠥᠭᠡᠳ ᠮᠣᠩᠭᠣᠯ ᠤᠯᠤᠰ ᠤᠨ ᠵᠠᠰᠠᠭ ᠤᠨ ᠭᠠᠵᠠᠷ 8.8 ᠰᠠᠶ᠎ᠠ ᠳ᠋ᠣᠯᠯᠠᠷ ᠢ ᠨᠢ ᠭᠠᠷᠭᠠᠭᠰᠠᠨ ᠪᠠᠶᠢᠨ᠎ᠠ᠃ ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠥᠩᠭᠡᠷᠡᠭᠰᠡᠨ ᠣᠨ ᠳᠤ ᠳᠣᠷᠣᠨᠠᠭᠣᠪᠢ ᠠᠶᠢᠮᠠᠭ ᠤᠨ ᠵᠠᠮ ᠤᠨ ᠡᠭᠦᠳᠡ ᠰᠤᠮᠤ᠂ ᠵᠠᠮ ᠤᠨ-ᠡᠭᠦᠳᠡ ᠴᠢᠯᠦᠭᠡᠲᠦ ᠪᠥᠰᠡ ᠳᠦ ᠠᠵᠢᠯᠯᠠᠭᠰᠠᠨ ᠤ ᠪᠠᠨ ᠳᠠᠷᠠᠭ᠎ᠠ ᠪᠦᠲᠦᠭᠡᠨ ᠪᠠᠶᠢᠭᠤᠯᠤᠯᠲᠠ ᠶᠢᠨ ᠠᠵᠢᠯ ᠢ ᠡᠷᠴᠢᠮᠵᠢᠭᠦᠯᠬᠦ᠂ ᠱᠠᠭᠠᠷᠳᠠᠯᠭ᠎ᠠ ᠲᠠᠢ ᠬᠥᠷᠥᠩᠭᠡ ᠶᠢ ᠨᠢ ᠰᠢᠢᠳᠪᠦᠷᠢᠯᠡᠬᠦ ᠡᠭᠦᠷᠭᠡ ᠪᠦᠬᠦᠢ ᠠᠵᠢᠯ ᠤᠨ ᠬᠡᠰᠡᠭ ᠢ ᠮᠣᠩᠭᠣᠯ ᠤᠯᠤᠰ ᠤᠨ ᠰᠢᠳᠠᠷ ᠰᠠᠶᠢᠳ ᠥ᠊∙ᠡᠩᠬᠡᠲᠦ᠋ᠪᠰᠢᠨ ᠢᠶᠡᠷ ᠠᠬᠠᠯᠠᠭᠤᠯᠤᠨ ᠪᠠᠶᠢᠭᠤᠯᠤᠭᠰᠠᠨ ᠶᠤᠮ᠃