ᠦᠷᠢᠰᠦᠯᠳᠦᠬᠦ ᠴᠢᠳᠠᠪᠤᠷᠢ ᠪᠠᠷ ᠢᠶᠠᠨ ᠰᠡᠭᠦᠯ ᠡᠴᠡ ᠪᠡᠨ ᠬᠣᠶᠠᠷ ᠲᠤ ᠵᠢᠭᠰᠠᠪᠠ  | News.MN

ᠦᠷᠢᠰᠦᠯᠳᠦᠬᠦ ᠴᠢᠳᠠᠪᠤᠷᠢ ᠪᠠᠷ ᠢᠶᠠᠨ ᠰᠡᠭᠦᠯ ᠡᠴᠡ ᠪᠡᠨ ᠬᠣᠶᠠᠷ ᠲᠤ ᠵᠢᠭᠰᠠᠪᠠ 

ᠰᠸᠢᠰ ᠤᠨ IMD ᠪᠢᠽᠢᠨᠧᠰ ᠦᠨ ᠰᠤᠷᠭᠠᠭᠤᠯᠢ ᠠᠴᠠ ᠬᠢᠭᠰᠡᠨ ᠳᠡᠯᠡᠬᠡᠢ ᠶᠢᠨ 63 ᠣᠷᠣᠨ ᠢ ᠬᠠᠮᠤᠷᠤᠭᠰᠠᠨ  ︽ᠥᠷᠢᠰᠥᠯᠳᠥᠬᠦ ᠴᠢᠳᠠᠪᠤᠷᠢ ᠶᠢᠨ ᠰᠤᠳᠤᠯᠭᠠᠨ-2018︾ ᠍ ᠳᠦ ᠮᠣᠩᠭᠣᠯ ᠤᠯᠤᠰ 62 ᠳ᠋ᠤᠭᠠᠷ ᠪᠠᠶᠢᠷᠢ ᠳᠤ ᠵᠢᠭᠰᠠᠵᠠᠢ᠃ 1989 ᠣᠨ ᠠᠴᠠ ᠬᠣᠶᠢᠰᠢ ᠵᠢᠯ ᠪᠦᠷᠢ ᠶᠠᠪᠤᠭᠤᠯᠵᠤ ᠪᠤᠢ ᠤᠭ ᠰᠤᠳᠤᠯᠭᠠᠨ ᠢ 235 ᠦᠵᠡᠭᠦᠯᠦᠯᠲᠡ ᠪᠡᠷ ᠡᠷᠡᠮᠪᠡᠯᠡᠨ ᠭᠠᠷᠭᠠᠳᠠᠭ ᠣᠨᠴᠠᠯᠢᠭ ᠲᠠᠢ᠃ ᠤᠭ ᠵᠢᠭᠰᠠᠭᠠᠯᠲᠠ ᠶᠢᠨ ᠬᠠᠮᠤᠭ ᠤᠨ ᠰᠡᠭᠦᠯ ᠳᠦ  ᠸᠸᠨᠧᠽᠦ᠋ᠸ᠋ᠸᠯᠠ ᠤᠯᠤᠰ ᠣᠷᠣᠭᠰᠠᠨ ᠪᠠᠶᠢᠨ᠎ᠠ ᠃ ᠵᠢᠭᠰᠠᠭᠠᠯᠲᠠ ᠶᠢᠨ ᠨᠢᠭᠡᠳᠦᠭᠡᠷ ᠲᠦ ᠰᠢᠩᠭᠠᠫᠦᠷ᠂ ᠬᠣᠶᠠᠳᠤᠭᠠᠷ ᠲᠤ  ᠬᠤᠩᠺᠤᠩ ᠂ ᠭᠤᠷᠪᠠᠳᠤᠭᠠᠷ ᠲᠤ ᠠᠮᠧᠷᠢᠺᠠ ᠣᠷᠣᠵᠠᠢ᠃ ᠰᠢᠩᠭᠠᠫᠦᠷ ᠳᠡᠪᠰᠢᠯᠲᠡᠲᠦ ᠳᠡᠳ᠋ ᠪᠦᠲᠦᠴᠡ᠂ ᠠᠵᠢᠯᠯᠠᠬᠤ ᠬᠦᠴᠦᠨ ᠦ ᠨᠥᠭᠡᠴᠡ᠂ ᠴᠠᠭᠠᠴᠢᠯᠠᠯ ᠤᠨ ᠬᠠᠤᠯᠢ᠂ ᠪᠢᠽᠢᠨᠧᠰ ᠲᠦ ᠡᠭᠡᠯᠢᠲᠡᠢ ᠡᠷᠬᠡ ᠵᠦᠢ ᠶᠢᠨ ᠣᠷᠴᠢᠨ ᠨᠢ ᠭᠣᠣᠯᠯᠠᠨ ᠨᠥᠯᠦᠭᠡᠯᠡᠭᠰᠡᠨ ᠢᠶᠡᠷ ᠡᠶᠢᠨ ᠬᠦ 9 ᠵᠢᠯ ᠳᠦ ᠠᠩᠬ᠎ᠠ ᠤᠳᠠᠭ᠎ᠠ ᠲᠡᠷᠢᠭᠦᠨ ᠪᠠᠶᠢᠷᠢ ᠳᠤ ᠡᠷᠡᠮᠪᠡᠯᠡᠭᠳᠡᠭᠰᠡᠨ ᠠᠵᠠᠢ ᠃
ᠠᠮᠧᠷᠢᠺᠠ ᠶᠢᠨ ᠬᠤᠪᠢ ᠳᠤ ᠲᠠᠲᠠᠪᠤᠷᠢ ᠪᠠᠭᠤᠷᠠᠭᠤᠯᠤᠭᠰᠠᠨ ᠤ ᠤᠯᠠᠮ ᠠᠴᠠ ᠥᠰᠦᠭᠰᠡᠨ ᠪᠠᠶᠢᠭᠰᠠᠨ ᠬᠡᠷᠡᠭᠯᠡᠭᠴᠢᠳ ᠦᠨ ᠢᠲᠡᠭᠡᠯ ᠪᠠᠭᠤᠷᠠᠭᠰᠠᠨ᠂ ᠲᠧᠭᠨᠣᠯᠣᠭᠢ ᠶᠢᠨ ᠡᠰᠺᠫᠣᠷᠲ ᠪᠠᠭᠤᠷᠠᠭᠰᠠᠨ ᠨᠢ ᠬᠣᠶᠠᠷ ᠪᠠᠶᠢᠷᠢ ᠤᠬᠤᠷᠢᠬᠤ ᠰᠢᠯᠲᠠᠭᠠᠨ ᠪᠣᠯᠵᠠᠢ᠃ IMD ᠍ ᠦᠨ ᠰᠤᠳᠤᠯᠭᠠᠨ ᠠᠴᠠ ᠬᠠᠷᠠᠬᠤ ᠳᠤ ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ ᠥᠷᠢᠰᠥᠯᠳᠥᠬᠦ ᠴᠢᠳᠠᠪᠤᠷᠢ ᠶᠢᠨ ᠦᠵᠡᠭᠦᠯᠦᠯᠲᠡ ᠬᠠᠷᠢᠴᠠᠩᠭᠤᠢ ᠰᠠᠶᠢᠨ ᠪᠣᠯᠵᠤ᠂ ᠲᠤᠰ ᠪᠥᠰᠡ ᠨᠤᠲᠤᠭ ᠤᠨ 14 ᠣᠷᠣᠨ ᠠᠴᠠ 11 ᠨᠢ ᠦᠷᠢᠰᠦᠯᠳᠦᠬᠦ ᠴᠢᠳᠠᠪᠤᠷᠢ ᠪᠠᠨ ᠬᠠᠳᠠᠭᠠᠯᠠᠵᠤ ᠴᠢᠳᠠᠭᠰᠠᠨ᠂ ᠵᠠᠷᠢᠮ ᠨᠢ ᠪᠦᠷ ᠰᠠᠶᠢᠵᠢᠷᠠᠭᠤᠯᠤᠭᠰᠠᠨ ᠭᠡᠵᠦ ᠭᠠᠷᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ