︽ᠮᠢᠨᠦ ᠮᠥᠷᠥᠭᠡᠳᠦᠯ ᠦᠨ ᠠᠯᠲᠠᠢ ᠬᠣᠲᠠ-2030︾ ᠤᠷᠤᠯᠳᠤᠭᠠᠨ ᠪᠤᠯᠤᠯ᠎ᠠ  | News.MN

 ︽ᠮᠢᠨᠦ ᠮᠥᠷᠥᠭᠡᠳᠦᠯ ᠦᠨ ᠠᠯᠲᠠᠢ ᠬᠣᠲᠠ-2030︾ ᠤᠷᠤᠯᠳᠤᠭᠠᠨ ᠪᠤᠯᠤᠯ᠎ᠠ 

ᠭᠣᠪᠢ ᠠᠯᠲᠠᠢ ᠠᠶᠢᠮᠠᠭ ᠤᠨ ᠶᠢᠰᠦᠨᠪᠤᠯᠠᠭ ᠰᠤᠮᠤ᠂ ᠠᠯᠲᠠᠢ ᠬᠣᠲᠠ ᠶᠢᠨ ᠤᠯᠠᠭᠠᠨᠪᠠᠭᠠᠲᠤᠷ ᠬᠣᠲᠠ ᠳ᠋ᠡᠬᠢ ᠨᠤᠲᠤᠭ ᠤᠨ ᠵᠥᠪᠯᠡᠯ᠂ ᠶᠢᠰᠦᠨᠪᠤᠯᠠᠭ ᠰᠤᠮᠤ ᠶᠢᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠬᠠᠮᠲᠤᠷᠠᠨ ᠵᠣᠬᠢᠶᠠᠨ ᠶᠠᠪᠤᠭᠤᠯᠤᠭᠰᠠᠨ ︽ᠮᠢᠨᠦ ᠮᠥᠷᠥᠭᠡᠳᠦᠯ ᠦᠨ ᠠᠯᠲᠠᠢ ᠬᠣᠲᠠ-2030︾ ᠵᠣᠬᠢᠶᠠᠨ ᠪᠢᠴᠢᠯᠭᠡ᠂ ᠭᠠᠷ ᠵᠢᠷᠤᠭ ᠤᠨ ᠤᠷᠤᠯᠳᠤᠭᠠᠨ ᠤ ᠳ᠋ᠦᠩ ᠭᠠᠷᠤᠯ᠎ᠠ᠃ 12-16 ᠨᠠᠰᠤᠨ ᠤ ᠠᠩᠭᠢᠯᠠᠯ ᠤᠨ ᠵᠣᠬᠢᠶᠠᠨ ᠪᠢᠴᠢᠯᠭᠡ ᠶᠢᠨ ᠤᠷᠤᠯᠳᠤᠭᠠᠨ ᠳᠤ ᠲᠤᠰ ᠰᠤᠮᠤ ᠶᠢᠨ ᠶᠡᠷᠦᠩᠬᠡᠢ ᠪᠣᠯᠪᠠᠰᠤᠷᠠᠯ ᠤᠨ ᠵᠢᠷᠭᠤᠭᠠᠨ ᠰᠤᠷᠭᠠᠭᠤᠯᠢ ᠶᠢᠨ 112 ᠰᠤᠷᠤᠭᠴᠢ ᠪᠦᠲᠦᠭᠡᠯ ᠢᠶᠡᠨ ᠢᠷᠡᠭᠦᠯᠦᠭᠰᠡᠨ ᠡᠴᠡ ᠨᠢᠭᠡᠳᠦᠭᠡᠷ ᠪᠠᠶᠢᠷᠢ ᠳᠤ ᠬᠣᠶᠠᠳᠤᠭᠠᠷ ᠰᠤᠷᠭᠠᠭᠤᠯᠢ ᠶᠢᠨ 8B ᠠᠩᠬᠢ ᠶᠢᠨ ᠰᠤᠷᠤᠭᠴᠢ ᠪ∙ᠮᠠᠩᠯᠠᠢ᠂ ᠬᠣᠶᠠᠳᠤᠭᠠᠷ ᠪᠠᠶᠢᠷᠢ ᠳᠤ ᠭᠤᠷᠪᠠᠳᠤᠭᠠᠷ ᠰᠤᠷᠭᠠᠭᠤᠯᠢ ᠶᠢᠨ 6B ᠠᠩᠬᠢ ᠶᠢᠨ ᠰᠤᠷᠤᠭᠴᠢ ᠪ∙ᠨᠠᠨᠳᠢᠨᠴᠡᠴᠡᠭ᠂ ᠭᠤᠷᠪᠠᠳᠤᠭᠠᠷ ᠪᠠᠶᠢᠷᠢ ᠳᠤ ᠬᠣᠶᠠᠳᠤᠭᠠᠷ ᠰᠤᠷᠭᠠᠭᠤᠯᠢ ᠶᠢᠨ 10A ᠠᠩᠬᠢ ᠶᠢᠨ ᠰᠤᠷᠤᠭᠴᠢ ᠮ∙ᠮᠠᠷᠠᠯᠮ᠎ᠠ᠂ ᠲᠤᠰᠬᠠᠢ ᠪᠠᠶᠢᠷᠢ ᠳᠤ ᠭᠤᠷᠪᠠᠳᠤᠭᠠᠷ ᠰᠤᠷᠭᠠᠭᠤᠯᠢ ᠶᠢᠨ 9A ᠠᠩᠬᠢ ᠶᠢᠨ ᠰᠤᠷᠤᠭᠴᠢ ᠮ∙ᠰᠤᠪᠤᠳ-ᠡᠷᠳᠡᠨᠢ ᠨᠠᠷ ᠤᠨ ᠡᠰᠰᠸ ᠪᠢᠴᠢᠯᠭᠡ ᠰᠢᠯᠭᠠᠷᠠᠵᠠᠢ᠃
ᠬᠠᠷᠢᠨ 7-11 ᠨᠠᠰᠤᠨ ᠤ ᠠᠩᠭᠢᠯᠠᠯ ᠳᠤ ︽ᠮᠢᠨᠦ ᠮᠥᠷᠥᠭᠡᠳᠦᠯ ᠦᠨ ᠠᠯᠲᠠᠢ ᠬᠣᠲᠠ-2030︾ ᠰᠡᠳᠦᠪᠲᠦ ᠭᠠᠷ ᠵᠢᠷᠤᠭ ᠤᠨ ᠤᠷᠤᠯᠳᠤᠭᠠᠨ ᠳᠤ ᠨᠡᠶᠢᠲᠡ ᠲᠠᠪᠤᠨ ᠰᠤᠷᠭᠠᠭᠤᠯᠢ ᠶᠢᠨ 145 ᠰᠤᠷᠤᠭᠴᠢ ᠶᠢᠨ ᠪᠦᠲᠦᠭᠡᠯ ᠢᠷᠡᠭᠰᠡᠨ ᠡᠴᠡ ᠨᠢᠭᠡᠳᠦᠭᠡᠷ ᠪᠠᠶᠢᠷᠢ ᠳᠤ ᠬᠣᠶᠠᠳᠤᠭᠠᠷ ᠰᠤᠷᠭᠠᠭᠤᠯᠢ ᠶᠢᠨ 1B ᠠᠩᠬᠢ ᠶᠢᠨ ᠰᠤᠷᠤᠭᠴᠢ ᠳ∙ᠪᠠᠽᠠᠷᠰᠠᠳ᠂ ᠬᠣᠶᠠᠳᠤᠭᠠᠷ ᠪᠠᠶᠢᠷᠢ ᠳᠤ ᠳᠥᠷᠪᠡᠳᠦᠭᠡᠷ ᠰᠤᠷᠭᠠᠭᠤᠯᠢ ᠶᠢᠨ 2A ᠠᠩᠬᠢ ᠶᠢᠨ ᠰᠤᠷᠤᠭᠴᠢ ᠡ᠊∙ ᠪᠦᠵᠦᠩᠯᠾᠬᠠᠮ᠂ ᠭᠤᠷᠪᠠᠳᠤᠭᠠᠷ ᠪᠠᠶᠢᠷᠢ ᠳᠤ ᠨᠢᠭᠡᠳᠦᠭᠡᠷ ᠰᠤᠷᠭᠠᠭᠤᠯᠢ ᠶᠢᠨ 3B ᠠᠩᠬᠢ ᠶᠢᠨ ᠰᠤᠷᠤᠭᠴᠢ ᠽ∙ ᠬᠤᠯᠠᠨ᠂ ᠲᠤᠰᠬᠠᠢ ᠪᠠᠶᠢᠷᠢ ᠳᠤ ᠪ∙ᠪᠢᠯᠢᠭᠦᠨ ᠨᠠᠷ ᠤᠨ ᠪᠦᠲᠦᠭᠡᠯ ᠰᠢᠯᠭᠠᠷᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ