ᠡᠩᠬᠡ ᠶᠢ ᠰᠠᠬᠢᠭᠤᠯᠬᠤ ᠠᠷᠪᠠᠳᠤᠭᠠᠷ ᠡᠭᠡᠯᠵᠢ ᠠᠪᠭᠠᠨᠢᠰᠲ᠋ᠠᠨ ᠢ ᠵᠤᠷᠢᠨ᠎ᠠ  | News.MN

ᠡᠩᠬᠡ ᠶᠢ ᠰᠠᠬᠢᠭᠤᠯᠬᠤ ᠠᠷᠪᠠᠳᠤᠭᠠᠷ ᠡᠭᠡᠯᠵᠢ ᠠᠪᠭᠠᠨᠢᠰᠲ᠋ᠠᠨ ᠢ ᠵᠤᠷᠢᠨ᠎ᠠ 

ᠢᠰᠯᠠᠮ ᠤᠨ ᠪᠦᠭᠦᠳᠡ ᠨᠠᠶᠢᠷᠠᠮᠳᠠᠬᠤ ᠠᠪᠭᠠᠨᠢᠰᠲ᠋ᠠᠨ ᠤᠯᠤᠰ ᠲᠤ ᠡᠭᠦᠷᠭᠡ ᠭᠦᠢᠴᠡᠳᠭᠡᠬᠦ ᠴᠡᠷᠢᠭ ᠦᠨ ᠪᠠᠭ ᠵᠡᠪᠰᠡᠭᠲᠦ ᠬᠦᠴᠦᠨ ᠦ ᠵᠠᠩᠵᠤᠨ ᠲᠤᠭ ᠲᠤ ᠬᠦᠨᠳᠦᠳᠬᠡᠯ ᠢᠯᠡᠷᠬᠡᠶᠢᠯᠡᠬᠦ ᠶᠣᠰᠣᠯᠠᠯ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠵᠢᠭᠰᠠᠭᠠᠯ ᠤᠨ ᠲᠠᠯᠠᠪᠠᠢ ᠳᠤ ᠥᠨᠥᠳᠥᠷ ᠪᠣᠯᠤᠯ᠎ᠠ᠃
ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠣᠷᠣᠯᠠᠭᠴᠢ ᠳᠠᠷᠤᠭ᠎ᠠ᠂ ᠬᠣᠰᠢᠭᠤᠴᠢ ᠭᠧᠨᠧᠷᠠᠯ ᠵ∙ᠪᠠᠳᠮᠠᠪᠠᠽᠠᠷ ᠶᠣᠰᠣᠯᠠᠯ ᠤᠨ ᠨᠡᠭᠡᠭᠡᠯᠲᠡ ᠶᠢᠨ ᠦᠶ᠎ᠡ ᠪᠡᠷ ᠄ ᠮᠠᠨ ᠤ ᠡᠩᠬᠡ ᠶᠢ ᠰᠠᠬᠢᠭᠤᠯᠤᠭᠴᠢᠳ ᠡᠨᠡᠬᠦ ᠠᠵᠢᠯᠯᠠᠭᠠᠨ ᠳᠤ ᠡᠭᠦᠷᠭᠡ ᠭᠦᠢᠴᠡᠳᠭᠡᠭᠰᠡᠨ ᠢᠶᠡᠷ ᠢᠶᠡᠨ ᠵᠡᠪᠰᠡᠭᠲᠦ ᠬᠦᠴᠦᠨ ᠦ ᠡᠩᠬᠡ ᠶᠢ ᠰᠠᠬᠢᠭᠤᠯᠬᠤ ᠴᠢᠳᠠᠪᠬᠢ ᠶᠢ ᠨᠡᠮᠡᠭᠳᠡᠭᠦᠯᠬᠦ ᠡᠴᠡ ᠭᠠᠳᠠᠨ᠎ᠠ ᠤᠯᠤᠰ ᠡᠬᠡ ᠣᠷᠣᠨ ᠤ ᠪᠠᠨ ᠠᠶᠤᠯ ᠦᠭᠡᠢ ᠪᠠᠶᠢᠳᠠᠯ ᠢ ᠤᠯᠤᠰ ᠲᠥᠷᠥ ᠳ᠋ᠢᠫᠯᠣᠮᠠᠲ ᠤᠨ ᠠᠷᠭ᠎ᠠ ᠪᠠᠷ ᠬᠠᠩᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠮᠣᠩᠭᠣᠯ ᠤᠯᠤᠰ ᠢᠶᠠᠨ ᠳᠡᠯᠡᠬᠡᠢ ᠳ᠋ᠠᠬᠢᠨ ᠳᠤ ᠰᠤᠷᠲᠠᠯᠴᠢᠯᠠᠨ ᠲᠠᠨᠢᠭᠤᠯᠬᠤ᠂ ᠤᠯᠤᠰ ᠲᠥᠷᠥ᠂ ᠡᠳ᠋ ᠍ ᠦᠨ ᠵᠠᠰᠠᠭ᠂ ᠭᠠᠳᠠᠭᠠᠳᠤ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠳᠦ ᠣᠨᠴᠠᠭᠠᠢ ᠠᠴᠢ ᠬᠣᠯᠪᠣᠭᠳᠠᠯ ᠲᠠᠢ ᠶᠤᠮ᠃ ᠮᠥᠨ ᠴᠡᠷᠢᠭ ᠦᠨ ᠪᠠᠭ ᠤᠨ ᠠᠵᠢᠯᠯᠠᠭᠠᠨ ᠤ ᠡᠮᠦᠨᠡᠬᠢ ᠰᠤᠷᠭᠠᠯᠲᠠ᠂ ᠪᠡᠯᠡᠳᠬᠡᠯ ᠢ ᠲᠤᠬᠠᠢ ᠶᠢᠨ ᠭᠠᠵᠠᠷ ᠣᠷᠣᠨ ᠳᠤ ᠡᠭᠦᠰᠴᠦ ᠪᠣᠯᠵᠣᠰᠢ ᠦᠭᠡᠢ ᠴᠠᠭ ᠤᠨ ᠪᠠᠶᠢᠳᠠᠯ ᠳᠤ ᠣᠶᠢᠷᠠᠲᠤᠭᠤᠯᠤᠨ᠂ ᠡᠳᠦᠷ ᠰᠥᠨᠢ᠂ ᠪᠠᠶᠢᠭᠠᠯᠢ᠂ ᠴᠠᠭ ᠠᠭᠤᠷ ᠤᠨ ᠬᠦᠨᠳᠦᠷᠡᠭᠦᠯᠦᠭᠰᠡᠨ ᠨᠥᠬᠥᠴᠡᠯ ᠳᠦ ᠬᠦᠮᠦᠨ ᠨᠢᠭᠡ ᠪᠦᠷᠢ ᠳᠦ ᠠᠵᠢᠯᠯᠠᠭᠠᠨ ᠤ ᠠᠷᠭ᠎ᠠ ᠲᠧᠭᠨᠢᠭ ᠢ ᠡᠵᠡᠮᠰᠢᠭᠦᠯᠦᠨ᠂ ᠲᠡᠳᠡᠨ ᠦ ᠡᠭᠦᠷᠭᠡ ᠭᠦᠢᠴᠡᠳᠭᠡᠬᠦ ᠰᠡᠳᠬᠢᠯ ᠵᠦᠢ  ᠶᠢᠨ ᠪᠡᠯᠡᠳᠬᠡᠯ ᠢ ᠳᠡᠭᠡᠭᠰᠢᠯᠡᠭᠦᠯᠦᠭᠰᠡᠨ ᠭᠡᠳᠡᠭ ᠢ ᠳᠤᠷᠠᠳᠤᠭᠠᠳ ᠴᠡᠷᠢᠭ ᠦᠨ ᠪᠠᠭ ᠤᠨ ᠵᠠᠬᠢᠷᠤᠭᠴᠢ ᠳᠡᠳ᠋ ᠬᠤᠷᠠᠩᠳᠠ ᠨ∙ᠰᠡᠴᠡᠨᠬᠦᠦ ᠳᠦ ᠮᠣᠩᠭᠣᠯ ᠤᠯᠤᠰ ᠤᠨ ᠲᠥᠷᠥ ᠶᠢᠨ ᠳᠠᠯᠪᠠᠭ᠎ᠠ ᠶᠢ ᠭᠠᠷᠳᠠᠭᠤᠯᠤᠨ ᠥᠭᠭᠦᠭᠰᠡᠨ ᠶᠤᠮ᠃

ᠰᠡᠳᠬᠢᠭᠳᠡᠯ ᠦᠯᠡᠳᠡᠭᠡᠬᠦ