ᠰᠤᠯᠤᠩᠭᠤᠰ ᠤᠨ ᠡᠯᠴᠢᠨ ᠮᠡᠳᠡᠭᠳᠡᠯ ᠭᠠᠷᠭᠠᠯ᠎ᠠ  | News.MN

 ᠰᠤᠯᠤᠩᠭᠤᠰ ᠤᠨ ᠡᠯᠴᠢᠨ ᠮᠡᠳᠡᠭᠳᠡᠯ ᠭᠠᠷᠭᠠᠯ᠎ᠠ 

ᠮᠣᠩᠭᠣᠯ ᠤᠨ ᠬᠡᠪᠯᠡᠯ ᠮᠡᠳᠡᠭᠡᠯᠡᠯ ᠢᠶᠡᠷ ᠭᠠᠷᠤᠭᠰᠠᠨ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠍ ᠤᠨ ᠡᠯᠴᠢᠨ ᠰᠠᠶᠢᠳ ᠤᠨ ᠶᠠᠮᠤᠨ ᠲᠠᠢ ᠬᠣᠯᠪᠣᠭᠳᠠᠯ ᠲᠠᠢ ᠮᠡᠳᠡᠭᠡᠨ ᠦ ᠲᠠᠯ᠎ᠠ ᠪᠠᠷ ᠲᠤᠰ ᠤᠯᠤᠰ ᠤᠨ ᠡᠯᠴᠢᠨ ᠰᠠᠶᠢᠳ ᠤᠨ ᠶᠠᠮᠤᠨ ᠪᠠᠶᠢᠷᠢ ᠰᠠᠭᠤᠷᠢ ᠪᠠᠨ ᠢᠯᠡᠷᠬᠡᠶᠢᠯᠡᠨ᠂ ᠮᠡᠳᠡᠭᠳᠡᠯ ᠭᠠᠷᠭᠠᠵᠠᠢ᠃ ᠤᠭ ᠮᠡᠳᠡᠭᠳᠡᠯ ᠢ ᠪᠦᠷᠢᠨ ᠡᠬᠢ ᠪᠡᠷ ᠨᠢ ᠬᠦᠷᠭᠡᠵᠦ ᠪᠠᠶᠢᠨ᠎ᠠ᠃
ᠰᠡᠭᠦᠯ ᠦᠨ ᠡᠳᠦᠷ ᠦᠳ ᠲᠦ ᠮᠣᠩᠭᠣᠯ ᠤᠨ ᠬᠡᠪᠯᠡᠯ ᠮᠡᠳᠡᠭᠡᠯᠡᠯ ᠢᠶᠡᠷ ᠮᠠᠨ ᠤ ᠡᠯᠴᠢᠨ ᠰᠠᠶᠢᠳ ᠤᠨ ᠶᠠᠮᠤᠨ ᠲᠠᠢ ᠬᠣᠯᠪᠣᠭ᠎ᠠ ᠲᠠᠢ ᠮᠡᠳᠡᠭᠡ ᠶᠢ ᠰᠣᠯᠣᠩᠭᠣᠰ ᠲᠤ ᠭᠠᠷᠤᠭᠰᠠᠨ ᠮᠡᠳᠡᠭᠡ ᠶᠢ ᠡᠰᠢ ᠲᠠᠲᠠᠵᠤ ᠭᠠᠷᠭᠠᠭᠰᠠᠨ ᠪᠠᠶᠢᠨ᠎ᠠ᠃ ᠰᠣᠯᠣᠩᠭᠣᠰ ᠤᠨ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠨᠤᠭᠤᠳ ᠨᠢᠭᠡ ᠲᠠᠯ᠎ᠠ ᠶᠢ ᠪᠠᠷᠢᠮᠲᠠᠯᠠᠭᠰᠠᠨ᠂ ᠪᠣᠳᠠᠲᠤ ᠪᠠᠶᠢᠳᠠᠯ ᠠᠴᠠ ᠵᠦᠷᠢᠶ᠎ᠡ ᠲᠡᠢ᠂ ᠰᠢᠯᠭᠠᠵᠤ ᠰᠤᠳᠤᠯᠤᠭ᠎ᠠ ᠦᠭᠡᠢ ᠮᠡᠳᠡᠭᠡ ᠭᠠᠷᠭᠠᠭᠰᠠᠨ ᠤᠴᠢᠷ ᠡᠯᠴᠢᠨ ᠰᠠᠶᠢᠳ ᠵᠣᠩ  ᠵᠸ ᠨᠠᠮ ᠲᠡᠷᠡ ᠳᠠᠷᠤᠢ ᠵᠠᠰᠠᠭ ᠤᠨ ᠭᠠᠵᠠᠷ ᠲᠤ ᠪᠠᠨ ᠬᠦᠰᠡᠯᠲᠡ ᠭᠠᠷᠭᠠᠵᠤ᠂ ᠤᠳᠠᠬᠤ ᠦᠭᠡᠢ ᠠᠯᠪᠠᠨ ᠶᠣᠰᠣᠨ ᠤ ᠰᠢᠯᠭᠠᠯᠲᠠ ᠬᠢᠬᠦ ᠭᠡᠵᠦ ᠪᠠᠶᠢᠭ᠎ᠠ ᠪᠥᠭᠡᠳ ᠡᠭᠦᠪᠡᠷ ᠦᠨᠡᠨ ᠮᠥᠨ ᠢ ᠲᠣᠭᠲᠠᠭᠠᠬᠤ ᠪᠣᠯᠤᠨ᠎ᠠ᠃ ᠡᠯᠴᠢᠨ ᠰᠠᠶᠢᠳ ᠵᠣᠩ ᠵᠸ ᠨᠠᠮ ᠰᠣᠯᠣᠩᠭᠣᠰ ᠤᠨ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠨᠤᠭᠤᠳ ᠤᠨ ᠠᠰᠠᠭᠤᠯᠲᠠ ᠳᠤ ᠲᠠᠶᠢᠯᠪᠤᠷᠢ ᠥᠭᠭᠦᠭᠰᠡᠨ ᠢᠶᠠᠷ ᠵᠥᠪᠬᠡᠨ ᠨᠢᠭᠡ ᠲᠠᠯ᠎ᠠ ᠶᠢ ᠪᠠᠷᠢᠮᠲᠠᠯᠠᠭᠰᠠᠨ ᠮᠡᠳᠡᠭᠡᠯᠡᠯ ᠭᠠᠷᠭᠠᠬᠤ ᠪᠠᠨ ᠶᠡᠬᠡᠩᠬᠢ ᠨᠢ ᠵᠣᠭᠰᠣᠭᠠᠭᠰᠠᠨ ᠪᠠᠶᠢᠭ᠎ᠠ ᠶᠤᠮ᠃ ᠡᠶᠢᠮᠦ ᠳᠦ ᠠᠯᠪᠠᠨ ᠶᠣᠰᠣᠨ ᠤ ᠰᠢᠯᠭᠠᠯᠲᠠ ᠶᠢᠨ ᠦᠷ᠎ᠡ  ᠳ᠋ᠦᠩ ᠭᠠᠷᠲᠠᠯ᠎ᠠ ᠮᠣᠩᠭᠣᠯ ᠤᠨ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠨᠤᠭᠤᠳ ᠴᠤ ᠮᠥᠨ ᠲᠤᠰ ᠡᠯᠴᠢᠨ ᠰᠠᠶᠢᠳ ᠤᠨ ᠶᠠᠮᠤ ᠪᠣᠯᠤᠨ ᠡᠯᠴᠢᠨ ᠰᠠᠶᠢᠳ ᠲᠤ ᠰᠦᠷᠭᠦ ᠪᠡᠷ ᠨᠥᠯᠦᠭᠡᠯᠡᠵᠦ ᠪᠣᠯᠬᠤᠶᠢᠴᠠ ᠨᠢᠭᠡ ᠲᠠᠯ᠎ᠠ ᠶᠢ ᠪᠠᠷᠢᠮᠲᠠᠯᠠᠭᠰᠠᠨ ᠮᠡᠳᠡᠭᠡ ᠶᠢ ᠭᠠᠷᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ ᠭᠡᠵᠡᠢ᠃

 

ᠰᠡᠳᠬᠢᠭᠳᠡᠯ ᠦᠯᠡᠳᠡᠭᠡᠬᠦ