ᠲᠢᠶᠠᠨᠵᠢᠨ ᠲᠠᠢ ᠬᠠᠮᠲᠤᠷᠠᠨ ᠡᠪᠦᠯ ᠦᠨ ᠬᠦᠯᠡᠮᠵᠢ ᠪᠠᠶᠢᠭᠤᠯᠬᠤ ᠠᠵᠢᠯ ᠶᠠᠷᠢᠭᠳᠠᠵᠤ ᠪᠠᠶᠢᠨ᠎ᠠ  | News.MN

ᠲᠢᠶᠠᠨᠵᠢᠨ ᠲᠠᠢ ᠬᠠᠮᠲᠤᠷᠠᠨ ᠡᠪᠦᠯ ᠦᠨ ᠬᠦᠯᠡᠮᠵᠢ ᠪᠠᠶᠢᠭᠤᠯᠬᠤ ᠠᠵᠢᠯ ᠶᠠᠷᠢᠭᠳᠠᠵᠤ ᠪᠠᠶᠢᠨ᠎ᠠ 

ᠮᠠᠨ ᠤ ᠤᠯᠤᠰ ᠤᠨ ᠦᠷ᠎ᠡ ᠲᠠᠷᠢᠶᠠᠯᠠᠬᠤ ᠠᠵᠢᠯ 70 ᠣᠷᠴᠢᠮ ᠬᠤᠪᠢ ᠲᠠᠢ ᠪᠠᠶᠢᠨ᠎ᠠ᠃ ᠬᠠᠷᠢᠨ ᠬᠦᠨᠡᠰᠦᠨ ᠦ ᠨᠠᠷᠢᠨ ᠨᠣᠭᠣᠭᠠᠨ ᠤ ᠲᠠᠷᠢᠶᠠᠯᠠᠯᠲᠠ 30 ᠬᠤᠪᠢ ᠲᠠᠢ ᠪᠠᠶᠢᠭ᠎ᠠ ᠲᠠᠯ᠎ᠠ ᠪᠠᠷ ᠥᠨᠥᠳᠥᠷ ᠴ∙ᠤᠯᠠᠭᠠᠨ ᠰᠠᠶᠢᠳ ᠮᠡᠳᠡᠭᠡᠯᠡᠪᠡ᠃ ᠲᠡᠷᠡᠪᠡᠷ᠄ ᠤᠯᠤᠰ ᠤᠨ ᠬᠡᠮᠵᠢᠶᠡᠨ ᠳᠦ 260 ᠮᠢᠩᠭᠠᠨ ᠭᠠ ᠲᠠᠯᠠᠪᠠᠢ ᠳᠤ ᠦᠷ᠎ᠡ ᠲᠠᠷᠢᠶ᠎ᠠ᠂ 250 ᠮᠢᠩᠭ᠎ᠠ ᠭᠠ ᠲᠠᠯᠠᠪᠠᠢ ᠳᠤ ᠤᠯᠠᠭᠠᠨ ᠪᠤᠭᠤᠳᠠᠢ ᠲᠠᠷᠢᠶᠠᠯᠠᠨ᠎ᠠ᠃ ᠲᠠᠷᠢᠶᠠᠯᠠᠬᠤ ᠠᠵᠢᠯ ᠰᠢᠪᠲᠤᠷᠬᠤ ᠲᠠᠯ᠎ᠠ ᠳᠤ ᠪᠠᠨ ᠣᠷᠣᠭᠰᠠᠨ᠃ ᠮᠥᠨ ᠡᠨᠡ ᠵᠢᠯ ᠦᠨ ᠨᠣᠭᠣᠭᠠᠨ ᠲᠡᠵᠢᠭᠡᠯ ᠲᠠᠷᠢᠬᠤ ᠠᠵᠢᠯ ᠤᠨ ᠪᠡᠯᠡᠳᠬᠡᠯ ᠬᠠᠩᠭᠠᠭᠳᠠᠵᠤ ᠪᠠᠶᠢᠨ᠎ᠠ ᠭᠡᠪᠡ᠃
ᠮᠦᠨ 5000  ᠭᠠ ᠲᠠᠯᠠᠪᠠᠢ ᠪᠦᠬᠦᠢ 160 ᠬᠦᠯᠡᠮᠵᠢ ᠶᠢ ᠳᠣᠲᠣᠭᠠᠳᠤ ᠶᠢᠨ ᠲᠠᠷᠢᠶᠠᠯᠠᠩᠴᠢᠳ ᠲᠤ ᠤᠷᠲᠤ ᠬᠤᠭᠤᠴᠠᠭ᠎ᠠ ᠲᠠᠢ ᠬᠥᠩᠭᠡᠯᠡᠯᠲᠡ ᠲᠡᠢ ᠵᠢᠭᠡᠯᠡ ᠪᠡᠷ ᠣᠯᠭᠤᠵᠠᠢ᠃ ᠮᠠᠨ ᠤ ᠤᠯᠤᠰ ᠲᠤ 27 ᠮᠢᠩᠭᠠᠨ ᠭᠠ ᠵᠤᠨ ᠤ ᠬᠦᠯᠡᠮᠵᠢ᠂ 60 ᠮᠢᠩᠭᠠᠨ ᠭᠠ ᠡᠪᠦᠯ ᠦᠨ ᠬᠦᠯᠡᠮᠵᠢ ᠪᠠᠶᠢᠳᠠᠭ ᠶᠤᠮ  ᠪᠠᠶᠢᠨ᠎ᠠ᠃ ᠳᠡᠭᠡᠷᠡᠬᠢ 5 ᠮᠢᠩᠭᠠᠨ ᠭᠠ ᠤᠯᠠᠷᠢᠯ ᠤᠨ ᠬᠦᠯᠡᠮᠵᠢ ᠶᠢ ᠨᠡᠮᠡᠭᠰᠡᠨ ᠢᠶᠡᠷ᠂ ᠮᠠᠨ ᠤ ᠤᠯᠤᠰ ᠤᠨ ᠢᠮᠫᠣᠷᠲ ᠢᠶᠠᠷ ᠠᠪᠬᠤ ᠬᠦᠨᠡᠰᠦᠨ ᠦ ᠨᠣᠭᠣᠭ᠎ᠠ ᠪᠠᠭᠠᠰᠴᠤ᠂ ᠳᠣᠲᠣᠭᠠᠳᠤ ᠶᠢᠨ ᠨᠡᠶᠢᠯᠡᠭᠦᠯᠦᠯᠲᠡ ᠨᠡᠮᠡᠭᠳᠡᠬᠦ ᠶᠢ ᠰᠠᠯᠪᠤᠷᠢ ᠶᠢᠨ ᠰᠠᠶᠢᠳ ᠣᠨᠴᠠᠯᠠᠭᠰᠠᠨ ᠃ ᠬᠢᠲᠠᠳ ᠤᠯᠤᠰ ᠤᠨ ᠲᠢᠶᠠᠨᠵᠢᠨ ᠬᠣᠲᠠ ᠲᠠᠢ ᠬᠠᠮᠲᠤᠷᠠᠨ ᠡᠪᠦᠯ ᠦᠨ ᠬᠦᠯᠡᠮᠵᠢ ᠪᠠᠶᠢᠭᠤᠯᠵᠤ ᠠᠵᠢᠯᠯᠠᠬᠤ ᠰᠠᠨᠠᠯ ᠲᠤᠰ ᠶᠠᠮᠤᠨ ᠳᠤ ᠬᠡᠯᠡᠯᠴᠡᠭᠡᠷ ᠦᠨ ᠲᠦᠪᠰᠢᠨ ᠳᠦ ᠪᠠᠶᠢᠭ᠎ᠠ ᠶᠢ ᠳᠤᠭᠤᠯᠭᠠᠭᠰᠠᠨ᠃ ᠲᠡᠷᠡᠪᠡᠷ᠄ ᠨᠡᠶᠢᠭᠡᠮ ᠳᠦ ᠡᠷᠡᠭᠡᠯᠵᠡᠭᠡ ᠲᠥᠷᠦᠭᠦᠯᠵᠦ ᠪᠠᠶᠢᠭ᠎ᠠ 50 ᠭᠠ ᠭᠠᠵᠠᠷ ᠣᠯᠭᠣᠬᠤ ᠠᠰᠠᠭᠤᠳᠠᠯ ᠡᠭᠦᠨ ᠳᠦ ᠲᠠᠯᠪᠢᠭᠳᠠᠭ᠎ᠠ ᠦᠭᠡᠢ᠂ ᠡᠨᠡ  ᠲᠠᠯ᠎ᠠ ᠶᠢᠨ ᠮᠡᠳᠡᠭᠡᠯᠡᠯ ᠪᠠᠶᠢᠬᠤ ᠦᠭᠡᠢ ᠪᠠᠶᠢᠨ᠎ᠠ᠃ ᠠᠯᠪᠠᠨ ᠶᠣᠰᠣᠨ ᠤ ᠮᠡᠳᠡᠭᠡ ᠪᠡᠷ 0.3 ᠭᠠ ᠲᠠᠯᠠᠪᠠᠢ ᠳᠤ ᠲᠤᠷᠰᠢᠯᠲᠠ ᠶᠢᠨ ᠬᠦᠯᠡᠮᠵᠢ ᠪᠠᠶᠢᠭᠤᠯᠵᠤ᠂ 5 ᠭᠠ ᠲᠠᠯᠠᠪᠠᠢ ᠳᠤ ᠡᠪᠦᠯ ᠦᠨ ᠬᠦᠯᠡᠮᠵᠢ ᠪᠠᠷᠢᠬᠤ ᠠᠵᠢᠯ ᠰᠤᠳᠤᠯᠤᠭᠳᠠᠵᠤ ᠪᠠᠶᠢᠭ᠎ᠠ ᠭᠡᠪᠡ᠃

ᠰᠡᠳᠬᠢᠭᠳᠡᠯ ᠦᠯᠡᠳᠡᠭᠡᠬᠦ