ᠰᠠᠶᠢᠨ ᠳᠤᠷ᠎ᠠ ᠶᠢᠨ ᠪᠠᠭᠰᠢ ᠨᠠᠷ ᠢ ᠪᠦᠷᠢᠳᠭᠡᠯ᠎ᠡ  | News.MN

 ᠰᠠᠶᠢᠨ ᠳᠤᠷ᠎ᠠ ᠶᠢᠨ ᠪᠠᠭᠰᠢ ᠨᠠᠷ ᠢ ᠪᠦᠷᠢᠳᠭᠡᠯ᠎ᠡ 

ᠨᠡᠶᠢᠰᠯᠡᠯ ᠦᠨ ᠣᠨᠴᠠᠭᠠᠢ ᠪᠠᠶᠢᠳᠠᠯ ᠤᠨ ᠭᠠᠵᠠᠷ ᠠᠴᠠ ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ︽ᠳᠡᠯᠡᠬᠡᠢ ᠶᠢᠨ ᠵᠥᠩ ᠮᠣᠩᠭᠣᠯ︾ ᠣᠯᠠᠨ ᠤᠯᠤᠰ ᠤᠨ ᠪᠠᠶᠢᠭᠤᠯᠤᠯᠭ᠎ᠠ ᠲᠠᠢ ᠬᠠᠮᠲᠤᠷᠠᠨ ᠬᠣᠲᠠ ᠰᠠᠭᠤᠷᠢᠨ ᠭᠠᠵᠠᠷ ᠤᠨ ᠭᠠᠮᠰᠢᠭ ᠤᠨ ᠡᠷᠡᠰᠳᠡᠯ ᠢ ᠪᠠᠭᠤᠷᠠᠭᠤᠯᠬᠤ᠂ ᠭᠠᠮᠰᠢᠭ ᠤᠨ ᠮᠧᠨᠧᠵᠮᠧᠨᠲ ᠢ ᠰᠠᠶᠢᠵᠢᠷᠠᠭᠤᠯᠬᠤ᠂  ᠭᠠᠮᠰᠢᠭ ᠢ ᠳᠠᠪᠠᠨ ᠲᠤᠭᠤᠯᠬᠤ ᠴᠢᠳᠠᠪᠬᠢ ᠶᠢ ᠪᠡᠬᠢᠵᠢᠭᠦᠯᠬᠦ ᠳᠦ ᠴᠢᠭᠯᠡᠭᠰᠡᠨ ︽ᠭᠠᠮᠰᠢᠭ ᠲᠤ ᠲᠡᠰᠪᠦᠷᠢᠲᠡᠢ ᠬᠣᠲᠠ ᠨᠤᠭᠤᠳ︾ ᠲᠥᠰᠥᠯ ᠢ ᠬᠡᠷᠡᠭᠵᠢᠭᠦᠯᠵᠦ ᠪᠠᠶᠢᠨ᠎ᠠ᠃ ᠲᠥᠰᠥᠯ ᠦᠨ ᠬᠦᠷᠢᠶᠡᠨ ᠳᠦ ᠭᠠᠮᠰᠢᠭ ᠤᠨ ᠡᠷᠡᠰᠳᠡᠯ ᠢ ᠪᠠᠭᠤᠷᠠᠭᠤᠯᠬᠤ ᠦᠢᠯᠡ ᠠᠵᠢᠯᠯᠠᠭᠠᠨ ᠤ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ᠂ ᠡᠷᠦᠬᠡ ᠶᠢᠨ ᠲᠥᠪᠰᠢᠨ ᠳᠦ ᠪᠣᠯᠵᠣᠰᠢ ᠦᠭᠡᠢ ᠭᠠᠮᠰᠢᠭ ᠤᠨ ᠡᠷᠡᠰᠳᠡᠯ ᠢ ᠪᠠᠭᠤᠷᠠᠭᠤᠯᠬᠤ ᠵᠣᠷᠢᠯᠭ᠎ᠠ ᠪᠠᠷ  ︽ᠠᠶᠤᠯ ᠦᠭᠡᠢ ᠢᠷᠡᠭᠡᠳᠦᠢ ᠠᠶᠢᠯ ᠡᠷᠦᠬᠡ ᠡᠴᠡ ᠁︾ ᠤᠷᠢᠶᠠᠨ ᠳᠣᠣᠷ᠎ᠠ ︽ᠡᠷᠡᠰᠳᠡᠯ ᠦᠭᠡᠢ ᠡᠷᠦᠬᠡ-ᠠᠶᠤᠯ ᠦᠭᠡᠢ ᠬᠥᠷᠰᠢ︾ ᠰᠡᠳᠦᠪᠲᠦ ᠠᠶᠠᠨ ᠢ ᠥᠷᠨᠢᠭᠦᠯᠵᠦ ᠪᠠᠶᠢᠨ᠎ᠠ᠃ ᠡᠨᠡ ᠠᠶᠠᠨ ᠤ ᠬᠦᠷᠲᠡᠭᠡᠮᠵᠢ ᠶᠢ ᠨᠡᠮᠡᠭᠳᠡᠭᠦᠯᠬᠦ᠂ ᠲᠥᠰᠥᠯ ᠦᠨ ᠭᠠᠮᠰᠢᠭ ᠤᠨ ᠮᠧᠨᠧᠵᠮᠧᠨᠲ ᠦᠨ ᠪᠠᠭ ᠤᠨ ᠭᠡᠰᠢᠭᠦᠳ ᠲᠦ ᠳᠡᠮᠵᠢᠯᠭᠡ ᠦᠵᠡᠭᠦᠯᠬᠦ ᠵᠣᠷᠢᠯᠭ᠎ᠠ ᠪᠠᠷ ᠰᠠᠶᠢᠨ ᠳᠤᠷ᠎ᠠ ᠶᠢᠨ ᠪᠠᠭᠰᠢ ᠪᠡᠯᠡᠳᠬᠡᠬᠦ ᠰᠤᠷᠭᠠᠯᠲᠠ ᠶᠢ ᠡᠨᠡ ᠰᠠᠷ᠎ᠠ ᠶᠢᠨ 28-29 ᠍ ᠦ ᠡᠳᠦᠷ ᠦᠳ ᠲᠦ ᠵᠣᠬᠢᠶᠠᠨ ᠪᠠᠶᠢᠭᠤᠯᠤᠯ᠎ᠠ᠃ ᠰᠤᠷᠭᠠᠯᠲᠠ ᠳᠤ 9 ᠳᠡᠭᠦᠷᠭᠡ ᠶᠢᠨ ᠲᠥᠰᠥᠯ ᠬᠡᠷᠡᠭᠵᠢᠵᠦ ᠪᠤᠢ ᠵᠣᠷᠢᠯᠲᠠᠲᠤ 9 ᠬᠣᠷᠢᠶᠠᠨ ᠤ 54 ᠢᠷᠭᠡᠨ ᠢ ᠬᠠᠮᠤᠷᠤᠭᠤᠯᠤᠨ᠂ ᠭᠠᠮᠰᠢᠭ ᠤᠨ ᠡᠷᠡᠰᠳᠡᠯ ᠢ ᠪᠠᠭᠤᠷᠠᠭᠤᠯᠬᠤ ᠮᠡᠳᠡᠯᠭᠡ᠂ ᠴᠢᠳᠠᠪᠤᠷᠢ ᠶᠢ ᠣᠯᠠᠨ ᠨᠡᠶᠢᠲᠡ ᠳᠦ ᠣᠯᠭᠣᠬᠤ ︽ᠪᠡᠯᠡᠨ ᠪᠠᠶᠢᠵᠠᠭᠠᠶ᠎ᠠ︾ ᠰᠤᠷᠭᠠᠯᠲᠠ ᠶᠢᠨ ᠮᠣᠳᠤᠯ ᠤᠨ ᠰᠤᠷᠭᠠᠭᠴᠢ ᠪᠠᠭᠰᠢ ᠪᠠᠷ ᠪᠡᠯᠡᠳᠭᠡᠯ᠎ᠡ᠃

ᠰᠡᠳᠬᠢᠭᠳᠡᠯ ᠦᠯᠡᠳᠡᠭᠡᠬᠦ