ᠮᠣᠩᠭᠣᠯ᠂ ᠬᠠᠰᠠᠭᠰᠲ᠋ᠠᠨ ᠤ ᠪᠢᠵᠢᠨᠧᠰ ᠠᠭᠤᠯᠵᠠᠯᠲᠠ ᠪᠤᠯᠤᠨ᠎ᠠ   | News.MN

ᠮᠣᠩᠭᠣᠯ᠂ ᠬᠠᠰᠠᠭᠰᠲ᠋ᠠᠨ ᠤ ᠪᠢᠵᠢᠨᠧᠰ ᠠᠭᠤᠯᠵᠠᠯᠲᠠ ᠪᠤᠯᠤᠨ᠎ᠠ  

ᠮᠣᠩᠭᠣᠯ᠂ ᠬᠠᠰᠠᠭᠰᠲ᠋ᠠᠨ ᠤ ᠬᠣᠭᠣᠷᠣᠨᠳᠣ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠬᠠᠷᠢᠯᠴᠠᠨ ᠠᠰᠢᠭᠲᠠᠢ ᠪᠢᠵᠢᠨᠧᠰ ᠦᠨ ᠬᠠᠷᠢᠯᠴᠠᠭ᠎ᠠ ᠶᠢ ᠬᠥᠭᠵᠢᠭᠦᠯᠬᠦ ᠵᠣᠷᠢᠯᠭ᠎ᠠ ᠪᠦᠬᠦᠢ ᠠᠭᠤᠯᠵᠠᠯᠲᠠ ᠶᠢ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ᠂  ᠪᠦᠭᠦᠳᠡ  ᠨᠠᠶᠢᠷᠠᠮᠳᠠᠬᠤ ᠬᠠᠰᠠᠭᠰᠲ᠋ᠠᠨ ᠤᠯᠤᠰ ᠍ ᠤᠨ ᠠᠵᠤ ᠦᠢᠯᠡᠳᠪᠦᠷᠢ᠂ ᠳᠡᠳ᠋ ᠪᠦᠲᠦᠴᠡ ᠶᠢᠨ ᠬᠥᠭᠵᠢᠯ ᠦᠨ ᠶᠠᠮᠤᠨ ᠂ ᠬᠠᠰᠠᠭᠰᠲ᠋ᠠᠨ ᠤ ᠣᠯᠠᠨ ᠤᠯᠤᠰ ᠤᠨ ᠬᠤᠳᠠᠯᠳᠤᠭᠠᠨ ᠤ ᠲᠠᠩᠬᠢᠮ ᠪᠣᠯᠤᠨ ᠬᠠᠰᠠᠭᠰᠲ᠋ᠠᠨ ᠤ ᠪᠢᠵᠢᠨᠧᠰ ᠡᠷᠬᠢᠯᠡᠭᠴᠢᠳ ᠦᠨ ᠦᠨᠳᠦᠰᠦᠨ ᠦ ᠲᠠᠩᠬᠢᠮ ᠬᠠᠮᠲᠤᠷᠠᠨ ᠵᠣᠬᠢᠶᠠᠨ ᠪᠠᠶᠢᠭᠤᠯᠵᠤ ᠪᠠᠶᠢᠨ᠎ᠠ᠃ ᠲᠤᠰ ᠠᠭᠤᠯᠵᠠᠯᠲᠠ ᠳᠤ ᠬᠠᠰᠠᠭᠰᠲ᠋ᠠᠨ ᠤ ᠬᠦᠨᠡᠰᠦ᠂ ᠬᠦᠨᠳᠦ ᠮᠠᠰᠢᠨ ᠮᠧᠬᠠᠨᠢᠰᠮ᠂ ᠲᠧᠭᠨᠢᠭ ᠤᠭᠰᠠᠷᠠᠯᠲᠠ᠂ ᠡᠮ ᠦᠨ ᠬᠤᠳᠠᠯᠳᠤᠭ᠎ᠠ᠂ ᠪᠠᠷᠢᠯᠭ᠎ᠠ᠂ ᠮᠠᠰᠢᠨ ᠦᠢᠯᠡᠳᠪᠦᠷᠢᠯᠡᠯ ᠦᠨ 11 ᠺᠣᠮᠫᠠᠨᠢ ᠶᠢᠨ 20 ᠭᠠᠷᠤᠢ ᠲᠥᠯᠥᠭᠡᠯᠡᠭᠴᠢ ᠤᠷᠤᠯᠴᠠᠬᠤ ᠶᠤᠮ᠃ ᠠᠭᠤᠯᠵᠠᠯᠲᠠ ᠪᠠᠷ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭᠠᠨ ᠤ ᠰᠢᠨ᠎ᠡ ᠪᠣᠯᠤᠮᠵᠢ ᠨᠤᠭᠤᠳ ᠤᠨ ᠲᠠᠯ᠎ᠠ ᠪᠠᠷ ᠰᠠᠨᠠᠯ ᠰᠤᠯᠢᠯᠴᠠᠬᠤ ᠪᠠ ᠳᠡᠳ᠋ ᠪᠦᠲᠦᠴᠡ᠂ ᠬᠥᠳᠡᠭᠡ ᠠᠵᠤ ᠠᠬᠤᠢ᠂ ᠡᠷᠴᠢᠮ ᠬᠦᠴᠦ᠂ ᠡᠮ ᠦᠢᠯᠡᠳᠪᠦᠷᠢᠯᠡᠯ ᠦᠨ ᠰᠠᠯᠪᠤᠷᠢ ᠳᠤ ᠬᠠᠮᠲᠤᠷᠠᠨ ᠠᠵᠢᠯᠯᠠᠬᠤ ᠥᠷᠭᠡᠨ ᠪᠣᠯᠤᠮᠵᠢ ᠶᠢ ᠣᠯᠭᠣᠬᠤ ᠪᠢᠵᠢᠨᠧᠰ ᠠᠭᠤᠯᠵᠠᠯᠲᠠ ᠵᠣᠬᠢᠶᠠᠨ ᠪᠠᠶᠢᠭᠤᠯᠤᠨ᠎ᠠ᠃ ᠮᠣᠩᠭᠣᠯ᠂ ᠬᠠᠰᠠᠭᠰᠲ᠋ᠠᠨ ᠤᠯᠤᠰ ᠤᠨ ᠬᠣᠭᠣᠷᠣᠨᠳᠣ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠵᠢᠯ ᠡᠴᠡ ᠵᠢᠯ ᠳᠦ ᠥᠷᠭᠡᠵᠢᠨ ᠲᠡᠯᠡᠵᠦ ᠪᠠᠶᠢᠭ᠎ᠠ ᠶᠤᠮ᠃

2018 ᠣᠨ ᠤ 11 ᠰᠠᠷ᠎ᠠ ᠶᠢᠨ ᠪᠠᠶᠢᠳᠠᠯ ᠢᠶᠠᠷ ᠬᠣᠶᠠᠷ ᠤᠯᠤᠰ ᠤᠨ ᠬᠤᠳᠠᠯᠳᠤᠭᠠᠨ ᠤ ᠡᠷᠭᠢᠯᠲᠡ 63.7 ᠰᠠᠶ᠎ᠠ ᠳ᠋ᠣᠯᠯᠠᠷ ᠬᠦᠷᠴᠡᠢ᠃ ᠡᠭᠦᠨ ᠡᠴᠡ ᠬᠠᠰᠠᠭᠰᠲ᠋ᠠᠨ ᠤ ᠮᠣᠩᠭᠣᠯ ᠳᠤ ᠬᠢᠭᠰᠡᠨ ᠡᠺᠰᠫᠣᠷᠲ65.1 ᠰᠠᠶ᠎ᠠ ᠳ᠋ᠣᠯᠯᠠᠷ᠂ ᠢᠮᠫᠣᠷᠲ 2.6 ᠰᠠᠶ᠎ᠠ ᠳ᠋ᠣᠯᠯᠠᠷ ᠲᠤ ᠬᠦᠷᠦᠭᠡᠳ ᠪᠠᠶᠢᠭ᠎ᠠ ᠶᠤᠮ᠃ ᠲᠤᠰ ᠤᠯᠤᠰ ᠠᠴᠠ ᠮᠣᠩᠭᠣᠯ ᠤᠯᠤᠰ ᠲᠤ ᠭᠠᠷᠭᠠᠳᠠᠭ ᠦᠨᠳᠦᠰᠦᠨ ᠪᠦᠲᠦᠭᠡᠭᠳᠡᠬᠦᠨ ᠳᠦ ᠲᠠᠮᠠᠬᠢ 20.3᠂ ᠠᠷᠢᠭᠤᠨ ᠴᠡᠪᠡᠷ᠂ ᠡᠷᠡᠭᠦᠯ ᠠᠬᠤᠢ ᠶᠢᠨ ᠪᠦᠲᠦᠭᠡᠭᠳᠡᠬᠦᠨ 19.1᠂ ᠤᠭᠢᠶᠠᠯᠭ᠎ᠠ ᠶᠢᠨ ᠨᠤᠨᠲᠠᠭ᠂ ᠴᠡᠪᠡᠷᠯᠡᠭᠡᠨ ᠦ ᠪᠣᠳᠠᠰ 12.6᠂ ᠤᠯᠠᠭᠠᠨ ᠪᠤᠭᠤᠳᠠᠢ᠂ ᠬᠥᠬᠡ ᠲᠠᠷᠢᠶᠠᠨ ᠤ ᠭᠤᠯᠢᠷ 7.8᠂ ᠪᠤᠰᠤᠳ ᠬᠦᠨᠡᠰᠦᠨ ᠦ ᠪᠦᠲᠦᠭᠡᠭᠳᠡᠬᠦᠨ ᠪᠣᠯᠤᠨ ᠭᠠᠵᠠᠷ ᠤᠨ ᠲᠣᠰᠤᠨ ᠤ ᠪᠦᠲᠦᠭᠡᠭᠳᠡᠬᠦᠨ 4.1 ᠬᠤᠪᠢ ᠲᠤᠰ ᠲᠤᠰ ᠡᠵᠡᠯᠡᠳᠡᠭ ᠪᠠᠶᠢᠨ᠎ᠠ᠃ ᠬᠠᠷᠢᠨ ᠮᠠᠨ ᠤ ᠤᠯᠤᠰ ᠠᠴᠠ ᠢᠮᠫᠣᠷᠲᠯᠠᠳᠠᠭ ᠦᠨᠳᠦᠰᠦᠨ ᠪᠦᠲᠦᠭᠡᠭᠳᠡᠬᠦᠨ ᠳᠦ ᠠᠩ ᠠᠮᠢᠲᠠᠨ᠂ ᠤᠷᠭᠤᠮᠠᠯ ᠤᠨ ᠭᠠᠷᠤᠯᠲᠠᠢ ᠪᠦᠲᠦᠭᠡᠭᠳᠡᠬᠦᠨ᠂ ᠰᠦᠯᠵᠢᠮᠡᠯ ᠬᠤᠪᠴᠠᠰᠤ ᠡᠳ᠋ᠯᠡᠯ᠂ ᠮᠣᠳᠣ᠂ ᠮᠣᠳᠣᠨ ᠮᠠᠲ᠋ᠧᠷᠢᠶᠠᠯ ᠪᠣᠯᠤᠨ  ᠼᠸᠯᠯᠢᠦ᠋ᠯᠤᠽ ᠪᠣᠯᠤᠨ ᠴᠠᠭᠠᠰᠤᠨ ᠪᠦᠲᠦᠭᠡᠭᠳᠡᠬᠦᠨ ᠣᠷᠣᠳᠠᠭ᠃

ᠰᠡᠳᠬᠢᠭᠳᠡᠯ ᠦᠯᠡᠳᠡᠭᠡᠬᠦ