ᠭ∙ᠽᠠᠨᠳᠠᠨᠰᠢᠲᠠᠷ᠎ᠠ ᠲ∙ᠤᠱᠢᠮᠠ ᠲᠠᠢ ᠠᠭᠤᠯᠵᠠᠵᠤ᠂ ᠰᠠᠨᠠᠯ ᠰᠤᠯᠢᠯᠴᠠᠪᠠ  | News.MN

ᠭ∙ᠽᠠᠨᠳᠠᠨᠰᠢᠲᠠᠷ᠎ᠠ ᠲ∙ᠤᠱᠢᠮᠠ ᠲᠠᠢ ᠠᠭᠤᠯᠵᠠᠵᠤ᠂ ᠰᠠᠨᠠᠯ ᠰᠤᠯᠢᠯᠴᠠᠪᠠ 

ᠶᠠᠫᠣᠨ ᠤ ᠡᠳ᠋ ᠦᠨ ᠵᠠᠰᠠᠭ ᠤᠨ ᠨᠥᠯᠥᠭᠡ ᠪᠦᠬᠦᠢ ᠬᠡᠪᠯᠡᠯ ︽ᠨᠢᠺᠺᠸᠢ︾ᠰᠣᠨᠢᠨ ᠠᠴᠠ ᠲᠤᠤᠺᠢᠤ᠋ ᠬᠤᠲᠠ ᠳᠤ ᠵᠣᠬᠢᠶᠠᠨ ᠪᠠᠶᠢᠭᠤᠯᠵᠤ ᠪᠤᠢ ︽ᠠᠽᠢᠶ᠎ᠠ ᠶᠢᠨ ᠢᠷᠡᠭᠡᠳᠦᠢ︾ ᠣᠯᠠᠨ ᠤᠯᠤᠰ ᠤᠨ ᠹᠣᠷᠣᠮ ᠳᠤ ᠣᠷᠣᠯᠴᠠᠵᠤ ᠪᠠᠶᠢᠭ᠎ᠠ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠶᠢ ᠡᠨᠡ ᠰᠠᠷ᠎ᠠ ᠶᠢᠨ 30 ᠍ ᠤ ᠡᠳᠦᠷ ᠶᠠᠫᠣᠨ ᠤᠯᠤᠰ ᠤᠨ ᠫᠠᠷᠯᠠᠮᠧᠨᠲ ᠤᠨ ᠲᠥᠯᠥᠭᠡᠯᠡᠭᠴᠢᠳ ᠦᠨ ᠲᠠᠩᠬᠢᠮ ᠤᠨ ᠳᠠᠷᠤᠭ᠎ᠠ ᠲ∙ᠤᠱᠢᠮᠠ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠨᠠᠶᠢᠷᠰᠠᠭ ᠪᠠᠶᠢᠳᠠᠯ ᠳᠤ ᠪᠣᠯᠵᠤ᠂ ᠬᠣᠶᠠᠷ ᠲᠠᠯ᠎ᠠ ᠶᠢᠨ ᠫᠠᠷᠯᠠᠮᠧᠨᠲ ᠬᠣᠭᠣᠷᠣᠨᠳᠣ ᠶᠢᠨ ᠬᠠᠷᠢᠯᠴᠠᠭ᠎ᠠ᠂ ᠬᠣᠶᠠᠷ ᠣᠷᠣᠨ ᠤ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠬᠠᠷᠢᠯᠴᠠᠨ ᠰᠠᠨᠠᠯ ᠰᠤᠯᠢᠯᠴᠠᠪᠠ᠃
ᠭ∙ᠽᠠᠨᠳᠠᠨᠰᠢᠲᠠᠷ᠎ᠠ ᠮᠣᠩᠭᠣᠯ ᠤᠯᠤᠰ ᠰᠠᠩᠬᠦᠦ ᠶᠢᠨ ᠬᠦᠨᠳᠦᠷᠡᠯ ᠢ ᠳᠠᠪᠠᠨ ᠲᠤᠭᠤᠯᠬᠤ ᠳᠤ ᠶᠠᠫᠣᠨ ᠤᠯᠤᠰ

ᠤᠨ ᠦᠵᠡᠭᠦᠯᠵᠦ ᠪᠤᠢ ᠰᠠᠩᠬᠦᠦ ᠶᠢᠨ ᠳᠡᠮᠵᠢᠯᠭᠡ ᠳᠦ ᠲᠠᠯᠠᠷᠬᠠᠵᠤ ᠪᠤᠢ  ᠪᠠᠨ ᠢᠯᠡᠷᠬᠡᠶᠢᠯᠡᠭᠡᠳ ᠬᠣᠶᠠᠷ ᠦᠶ᠎ᠡ ᠱᠠᠲᠤ ᠲᠠᠢ ᠵᠢᠭᠡᠯᠡ ᠶᠢᠨ ᠳᠠᠷᠠᠭ᠎ᠠ ᠶᠢᠨ ᠱᠠᠲᠤᠨ ᠤ ᠰᠠᠩᠬᠦᠦᠵᠢᠯᠲᠡ ᠶᠢ ᠶᠠᠭᠠᠷᠠᠯᠲᠠᠢ ᠰᠢᠢᠳᠴᠦ ᠥᠭᠬᠦ ᠶᠢ ᠫᠠᠷᠯᠠᠮᠧᠨᠲ ᠤᠨ ᠳᠠᠷᠤᠭ᠎ᠠ ᠠᠴᠠ ᠬᠦᠰᠡᠪᠡ᠃

ᠰᠡᠳᠬᠢᠭᠳᠡᠯ ᠦᠯᠡᠳᠡᠭᠡᠬᠦ