ᠲᠢᠶᠠᠨᠵᠢᠨ ‍ᠣ ᠲᠥᠰᠥᠯ ᠦᠨ ᠠᠴᠢ ᠬᠣᠯᠪᠣᠭᠳᠠᠯ ᠢ ᠲᠠᠨᠢᠯᠴᠠᠭᠤᠯᠤᠯ᠎ᠠ  | News.MN

 ᠲᠢᠶᠠᠨᠵᠢᠨ ‍ᠣ ᠲᠥᠰᠥᠯ ᠦᠨ ᠠᠴᠢ ᠬᠣᠯᠪᠣᠭᠳᠠᠯ ᠢ ᠲᠠᠨᠢᠯᠴᠠᠭᠤᠯᠤᠯ᠎ᠠ 

2019 ᠣᠨ ᠤ ᠵᠢᠷᠭᠤᠳᠤᠭᠠᠷ ᠰᠠᠷ᠎ᠠ ᠶᠢᠨ 5 ᠤ ᠡᠳᠦᠷ ᠤᠯᠠᠭᠠᠨᠪᠠᠭᠠᠲᠤᠷ ᠬᠤᠲᠠ ᠳᠤ ᠪᠣᠯᠤᠭᠰᠠᠨ  ︽ᠲᠷᠠᠨᠽᠢᠲ ᠮᠣᠩᠭᠣᠯ-2019︾ ᠣᠯᠠᠨ ᠤᠯᠤᠰ ᠤᠨ ᠹᠣᠷᠣᠮ ᠳᠡᠭᠡᠷ᠎ᠡ ︽ᠮᠣᠩᠭᠣᠯ ᠤᠨ ᠲᠡᠮᠦᠷ ᠵᠠᠮ︾ ᠺᠣᠮᠫᠠᠨᠢ ᠶᠢᠨ ᠭᠦᠢᠴᠡᠳᠭᠡᠬᠦ ᠵᠠᠬᠢᠷᠤᠯ ᠪ∙ᠴᠡᠩᠭᠡᠯ ᠲᠢᠶᠠᠨᠵᠢᠨ ᠪᠤᠭᠤᠮᠳᠠ ᠳᠤ ᠬᠡᠷᠡᠭᠵᠢᠭᠦᠯᠵᠦ ᠪᠤᠢ ︽ᠲᠡᠭᠡᠭᠡᠪᠦᠷᠢ  ᠯᠤᠭᠢᠰᠲ᠋ᠢᠺ ᠤᠨ ᠲᠥᠪ︾ ᠤᠨ ᠠᠴᠢ ᠬᠣᠯᠪᠣᠭᠳᠠᠯ ᠤᠨ ᠲᠠᠯ᠎ᠠ ᠪᠠᠷ ᠢᠯᠡᠳᠬᠡᠯ ᠲᠠᠯᠪᠢᠯ᠎ᠠ᠃
︽ᠮᠣᠩᠭᠣᠯ ᠤᠨ ᠲᠡᠮᠦᠷ ᠵᠠᠮ︾ ᠺᠤᠮᠫᠠᠨᠢ ᠨᠢ ᠵᠠᠰᠠᠭ ᠤᠨ ᠭᠠᠵᠠᠷ᠂ ᠵᠠᠮ ᠲᠡᠭᠡᠭᠡᠪᠦᠷᠢ ᠶᠢᠨ ᠬᠥᠭᠵᠢᠯ ᠦᠨ ᠶᠠᠮᠤᠨ ᠲᠠᠢ ᠬᠠᠮᠲᠤᠷᠠᠨ ︽ᠲᠷᠠᠨᠽᠢᠲ ᠮᠣᠩᠭᠣᠯ-2019︾ ᠹᠣᠷᠣᠮ ᠢ ᠵᠣᠬᠢᠶᠠᠨ ᠪᠠᠶᠢᠭᠤᠯᠵᠤ ᠪᠤᠢ  ᠶᠤᠮ ᠃ 2009 ᠣᠨ ᠳᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠢᠶᠠᠨᠵᠢᠨ ᠬᠤᠲᠠ ᠳᠤ 10 ᠭᠠ ᠭᠠᠵᠠᠷ ᠢ ᠮᠣᠩᠭᠣᠯ ᠤᠯᠤᠰ ᠨᠡᠩ ᠬᠥᠩᠭᠡᠯᠡᠯᠲᠡ ᠲᠡᠢ ᠨᠥᠬᠥᠴᠡᠯ ᠢᠶᠡᠷ ᠡᠵᠡᠮᠰᠢᠵᠦ᠂ ᠲᠡᠭᠡᠭᠡᠪᠦᠷᠢ ᠯᠤᠭᠢᠰᠲ᠋ᠢᠺ  ᠤᠨ ᠲᠥᠪ ᠢ ᠪᠠᠶᠢᠭᠤᠯᠤᠨ ᠦᠢᠯᠡ ᠠᠵᠢᠯᠯᠠᠭ᠎ᠠ ᠡᠷᠬᠢᠯᠡᠬᠦ ᠪᠡᠷ ᠲᠤᠰᠬᠠᠭᠰᠠᠨ ᠰᠠᠨᠠᠮᠵᠢ ᠪᠢᠴᠢᠭ ᠥᠨᠥ ᠶᠢ ᠬᠦᠷᠲᠡᠯ᠎ᠡ ᠠᠵᠢᠯ ᠪᠣᠯᠤᠨ ᠬᠡᠷᠡᠭᠵᠢᠵᠦ ᠴᠢᠳᠠᠭ᠎ᠠ ᠦᠭᠡᠢ ᠢᠷᠡᠭᠰᠡᠨ᠃  ︽ᠮᠣᠩᠭᠣᠯ ᠤᠨ ᠲᠡᠮᠦᠷ ᠵᠠᠮ︾ ᠺᠣᠮᠫᠠᠨᠢ ᠨᠢ 2019 ᠣᠨ ᠤ ᠲᠠᠪᠤᠳᠤᠭᠠᠷ ᠰᠠᠷ᠎ᠠ ᠶᠢᠨ 26 ᠍ ᠤ ᠡᠳᠦᠷ ᠲᠢᠨᠢᠵᠢᠨ ᠫᠣᠷᠲ ᠭᠷᠦ᠋ᠫ ᠲᠡᠢ ᠤᠭ ᠲᠥᠰᠥᠯ ᠢ ᠬᠡᠷᠡᠭᠵᠢᠭᠦᠯᠬᠦ ᠬᠠᠮᠲᠤᠷᠠᠭᠰᠠᠨ ᠺᠣᠮᠫᠠᠨᠢ ᠪᠠᠶᠢᠭᠤᠯᠬᠤ  ᠭᠡᠷ᠎ᠡ ᠳᠦ ᠭᠠᠷ ᠤᠨ ᠦᠰᠦᠭ ᠵᠢᠷᠤᠵᠤ᠂ ᠲᠥᠰᠥᠯ ᠦᠨ ᠠᠵᠢᠯ ᠢ ᠠᠯᠪᠠᠨ ᠶᠣᠰᠣᠭᠠᠷ ᠡᠬᠢᠯᠡᠭᠦᠯᠦᠯ᠎ᠡ᠃
ᠡᠨᠡᠬᠦ ᠲᠥᠰᠥᠯ ᠬᠡᠷᠡᠭᠵᠢᠭᠰᠡᠨ ᠢᠶᠡᠷ ᠮᠣᠩᠭᠣᠯ ᠬᠢᠲᠠᠳ ᠬᠣᠭᠣᠷᠣᠨᠳᠣ ᠶᠢᠨ ᠭᠠᠳᠠᠭᠠᠳᠤ ᠬᠤᠳᠠᠯᠳᠤᠭᠠᠨ ᠤ ᠠᠴᠢᠶ᠎ᠠ ᠡᠷᠭᠢᠯᠲᠡ᠂ ᠲᠡᠭᠡᠭᠡᠪᠦᠷᠢ ᠯᠤᠭᠢᠰᠲ᠋ᠢᠺ  ᠤᠨ ᠦᠢᠯᠡ ᠠᠵᠢᠯᠯᠠᠭ᠎ᠠ᠂ ᠪᠠᠲᠤᠯᠠᠭᠠᠲᠤ ᠠᠭᠤᠯᠬᠤ᠂ ᠦᠢᠯᠡᠳᠪᠦᠷᠢᠯᠡᠯ ᠢ ᠬᠣᠣᠰᠯᠠᠭᠤᠯᠤᠭᠰᠠᠨ ᠣᠷᠴᠢᠨ ᠦᠶ᠎ᠡ ᠶᠢᠨ ᠬᠤᠳᠠᠯᠳᠤᠭᠠᠨ ᠤ ᠰᠢᠨ᠎ᠡ ᠬᠡᠯᠪᠡᠷᠢ ᠶᠢ ᠡᠭᠦᠰᠭᠡᠬᠦ ᠪᠥᠭᠡᠳ ᠪᠣᠭᠣᠮᠲᠠ ᠶᠢᠨ ᠪᠥᠰᠡ ᠳᠦ ᠣᠷᠴᠢᠨ ᠦᠶ᠎ᠡ ᠶᠢᠨ ᠦᠢᠯᠡᠳᠪᠦᠷᠢᠯᠡᠯ ᠦᠨ ᠲᠧᠭᠨᠣᠯᠣᠭᠢ᠂ ᠮᠡᠳᠡᠭᠡᠯᠡᠯ ᠦᠨ ᠰᠢᠰᠲ᠋ᠧᠮ ᠳᠦ ᠰᠠᠭᠤᠷᠢᠯᠠᠭᠰᠠᠨ ᠨᠡᠮᠡᠭᠦᠦ ᠥᠷᠲᠡᠭ ᠰᠢᠩᠭᠡᠭᠡᠭᠰᠡᠨ ᠪᠦᠲᠦᠭᠡᠭᠳᠡᠬᠦᠨ ᠦ ᠦᠢᠯᠡᠳᠪᠦᠷᠢᠯᠡᠯ ᠬᠥᠭᠵᠢᠭᠦᠯᠬᠦ᠂ ᠲᠥᠰᠥᠯ ᠦᠨ ᠭᠠᠵᠠᠷ ᠲᠤ ᠪᠠᠷᠢᠯᠭ᠎ᠠ ᠪᠠᠶᠢᠭᠤᠯᠤᠮᠵᠢ ᠪᠠᠷᠢᠬᠤ ᠪᠦᠲᠦᠭᠡᠨ ᠪᠠᠶᠢᠭᠤᠯᠤᠯᠲᠠ ᠶᠢᠨ ᠠᠵᠢᠯ ᠡᠨᠡ ᠣᠨ ᠤ ᠳᠣᠯᠣᠳᠤᠭᠠᠷ ᠰᠠᠷ᠎ᠠ ᠠᠴᠠ ᠡᠬᠢᠯᠡᠨ 1.6 ᠵᠢᠯ ᠦᠨ ᠬᠤᠭᠤᠴᠠᠭᠠᠨ ᠳᠤ ᠪᠦᠷᠢᠨ ᠠᠰᠢᠭᠯᠠᠯᠲᠠ ᠳᠤ ᠣᠷᠣᠭᠰᠠᠨ ᠪᠠᠶᠢᠬᠤ ᠶᠤᠮ ᠪᠠᠶᠢᠨ᠎ᠠ ᠃

ᠰᠡᠳᠬᠢᠭᠳᠡᠯ ᠦᠯᠡᠳᠡᠭᠡᠬᠦ