ᠪᠦᠬᠦᠩ ᠦᠨ ᠲᠤᠭ᠎ᠠ ᠴᠦᠭᠡᠷᠡᠭᠰᠡᠨ | News.MN

  ᠪᠦᠬᠦᠩ ᠦᠨ ᠲᠤᠭ᠎ᠠ ᠴᠦᠭᠡᠷᠡᠭᠰᠡᠨ

ᠥᠩᠭᠡᠷᠡᠭᠰᠡᠨ 2014 ᠣᠨ ᠳᠤ ᠮᠣᠩᠭᠣᠯ ᠪᠥᠬᠥᠩ ᠦᠨ ᠲᠣᠭ᠎ᠠ ᠲᠣᠯᠣᠭᠠᠢ 14 ᠮᠢᠩᠭ᠎ᠠ ᠳᠤ ᠬᠦᠷᠴᠦ᠂ ᠲᠠᠷᠬᠠᠴᠠ ᠨᠤᠲᠤᠭ ᠢᠶᠠᠨ ᠲᠡᠯᠡᠵᠦ ᠪᠠᠶᠢᠪᠠ᠃ ᠬᠠᠷᠠᠮᠰᠠᠯᠲᠠᠢ ᠨᠢ᠂ ᠰᠡᠭᠦᠯ ᠦᠨ ᠵᠢᠯ ᠦᠳ ᠲᠦ ᠪᠣᠭ ᠮᠠᠯ ᠤᠨ ᠮᠢᠯᠵᠠᠩ ᠡᠪᠡᠳᠴᠢᠨ᠂ ᠢᠳᠡᠰᠢ ᠲᠡᠵᠢᠭᠡᠯ ᠦᠨ ᠬᠣᠮᠰᠠᠳᠠᠯ᠂ ᠶᠡᠬᠡ ᠬᠦᠢᠲᠡᠷᠡᠯ ᠦᠨ ᠤᠯᠠᠮ ᠠᠴᠠ ᠪᠥᠬᠥᠩ ᠦᠨ 70 ᠭᠠᠷᠤᠢ ᠬᠤᠪᠢ ᠨᠢ ᠬᠣᠷᠣᠭᠳᠠᠵᠤ᠂ ᠡᠨᠡ ᠣᠨ ᠤ ᠡᠬᠢᠨ ᠦ ᠳᠥᠷᠪᠡᠨ ᠰᠠᠷ᠎ᠠ ᠶᠢᠨ ᠪᠠᠶᠢᠳᠠᠯ ᠢᠶᠠᠷ ᠶᠡᠷᠦ ᠳᠦ ᠪᠡᠨ 3800 ᠣᠷᠴᠢᠮ ᠪᠣᠯᠵᠠᠢ᠃ ᠡᠭᠦᠨ ᠲᠡᠢ ᠬᠣᠯᠪᠣᠭᠳᠠᠭᠤᠯᠤᠨ ︽ᠵᠡᠷᠯᠢᠭ ᠠᠮᠢᠲᠠᠨ ᠪᠠ ᠮᠠᠯ ᠳᠤ ᠪᠣᠭ ᠮᠠᠯ ᠤᠨ ᠮᠢᠯᠵᠠᠩ ᠡᠪᠡᠳᠴᠢᠨ ᠢ ᠬᠢᠨᠠᠬᠤ ᠨᠢ︾ ᠰᠡᠳᠦᠪᠲᠦ ᠰᠤᠷᠭᠠᠯᠲᠠ ᠶᠢ ᠬᠣᠪᠳᠣ ᠠᠶᠢᠮᠠᠭ ᠲᠤ ᠵᠣᠬᠢᠶᠠᠨ ᠪᠠᠶᠢᠭᠤᠯᠤᠯ᠎ᠠ᠃
ᠰᠤᠷᠭᠠᠯᠲᠠ ᠶᠢᠨ ᠬᠦᠷᠢᠶᠡᠨ ᠳᠦ ᠵᠡᠷᠯᠢᠭ ᠠᠮᠢᠲᠠᠨ ᠪᠠ ᠮᠠᠯ ᠳᠤ ᠲᠣᠬᠢᠶᠠᠯᠳᠤᠵᠤ ᠪᠤᠢ ᠪᠣᠭ ᠮᠠᠯ ᠤᠨ ᠮᠢᠯᠵᠠᠩ ᠡᠪᠡᠳᠴᠢᠨ ᠦ ᠥᠨᠥ ᠶᠢᠨ ᠪᠠᠶᠢᠳᠠᠯ᠂ ᠬᠠᠯᠳᠠᠪᠤᠷᠢᠲᠤ ᠪᠠ ᠬᠠᠯᠳᠠᠪᠤᠷᠢᠲᠤ ᠪᠤᠰᠤ ᠡᠪᠡᠳᠴᠢᠨ ᠢ ᠬᠢᠨᠠᠬᠤ᠂ ᠤᠷᠢᠳᠴᠢᠯᠠᠨ ᠰᠡᠷᠭᠡᠶᠢᠯᠡᠬᠦ ᠠᠷᠭᠠᠴᠢᠯᠠᠯ᠂ ᠴᠢᠨᠠᠭᠰᠢᠳᠠ ᠠᠩᠬᠠᠷᠬᠤ ᠠᠰᠠᠭᠤᠳᠠᠯ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠮᠠᠯ ᠡᠮᠨᠡᠯᠭᠡ ᠶᠢᠨ ᠶᠡᠷᠦᠩᠬᠡᠢ ᠭᠠᠵᠠᠷ᠂ ᠮᠠᠲ᠋ᠢᠦ᠋ ᠫᠷᠤᠸᠤᠲ WСS ᠪᠠᠶᠢᠭᠤᠯᠤᠯᠭ᠎ᠠ᠂ ᠬᠣᠪᠳᠣ ᠠᠶᠢᠮᠠᠭ ᠤᠨ ᠪᠠᠶᠢᠭᠠᠯᠢ ᠤᠷᠴᠢᠨ ᠤ ᠭᠠᠵᠠᠷ᠂ ᠬᠥᠳᠡᠭᠡ ᠠᠵᠤ ᠠᠬᠤᠢ ᠶᠢᠨ ᠬᠥᠭᠵᠢᠯ ᠦᠨ ᠰᠤᠳᠤᠯᠭᠠᠨ ᠤ ᠲᠥᠪ ᠵᠡᠷᠭᠡ ᠪᠠᠶᠢᠭᠤᠯᠤᠯᠭ᠎ᠠ ᠶᠢᠨ ᠮᠡᠷᠭᠡᠵᠢᠯᠲᠡᠨ ᠨᠦᠭᠦᠳ ᠮᠡᠳᠡᠭᠡᠯᠡᠯ ᠬᠢᠵᠦ᠂ ᠬᠠᠷᠢᠯᠴᠠᠨ ᠰᠠᠨᠠᠯ ᠰᠣᠯᠢᠯᠴᠠᠯ᠎ᠠ᠃
ᠵᠡᠷᠯᠢᠭ ᠠᠮᠢᠲᠠᠳ ᠢ ᠮᠥᠬᠥᠯ ᠳᠦ ᠬᠦᠷᠭᠡᠵᠦ ᠪᠣᠯᠵᠣᠰᠢ ᠦᠭᠡᠢ ᠬᠠᠯᠳᠠᠪᠤᠷᠢᠲᠤ ᠡᠪᠡᠳᠴᠢᠨ ᠲᠡᠢ ᠲᠡᠮᠡᠴᠡᠬᠦ᠂ ᠴᠢᠨᠠᠭᠰᠢᠳᠠ ᠬᠠᠮᠠᠭᠠᠯᠠᠬᠤ ᠭᠣᠣᠯ ᠠᠷᠭ᠎ᠠ ᠨᠢ ᠢᠷᠭᠡᠳ ᠣᠯᠠᠨ ᠨᠡᠶᠢᠲᠡ ᠶᠢ ᠲᠣᠭᠲᠠᠮᠠᠯ ᠰᠢᠨ᠎ᠡ ᠮᠡᠳᠡᠯᠭᠡ ᠮᠡᠳᠡᠭᠡᠯᠡᠯ ᠢᠶᠡᠷ ᠬᠠᠩᠭᠠᠬᠤ᠂ ᠬᠠᠯᠳᠠᠪᠤᠷᠢᠲᠤ ᠪᠠ ᠬᠠᠯᠳᠠᠪᠤᠷᠢᠲᠤ ᠪᠤᠰᠤ ᠡᠪᠡᠳᠴᠢᠨ ᠢ ᠡᠷᠲᠡ ᠢᠯᠡᠷᠡᠭᠦᠯᠬᠦ᠂ ᠡᠨᠡ ᠴᠢᠭᠯᠡᠯ ᠢᠶᠡᠷ ᠪᠠᠶᠢᠭᠠᠯᠢ ᠬᠠᠮᠠᠭᠠᠯᠠᠭᠴᠢᠳ᠂ ᠬᠣᠯᠪᠣᠭᠳᠠᠬᠤ ᠮᠡᠷᠭᠡᠵᠢᠯᠲᠡᠨ ᠨᠦᠭᠦᠳ ᠢ ᠴᠢᠳᠠᠪᠤᠷᠢᠵᠢᠭᠤᠯᠬᠤ ᠬᠡᠷᠡᠭᠲᠡᠢ ᠭᠡᠪᠡ᠃ ᠮᠥᠨ ᠬᠢᠯᠢ ᠳᠠᠮᠨᠠᠭᠰᠠᠨ ᠬᠠᠯᠳᠠᠪᠤᠷᠢᠲᠤ ᠡᠪᠡᠳᠴᠢᠨ ᠲᠡᠢ ᠲᠡᠮᠡᠴᠡᠶ᠎ᠡ᠃ ᠪᠣᠭ ᠮᠠᠯ ᠤᠨ ᠮᠢᠯᠵᠠᠩ ᠡᠪᠡᠳᠴᠢᠨ ᠦ ᠪᠣᠯᠵᠣᠰᠢ ᠦᠭᠡᠢ ᠡᠷᠡᠰᠳᠡᠯ ᠴᠠᠰᠢ ᠳᠠᠭᠠᠮᠵᠢᠷᠠᠵᠤ ᠴᠠᠭᠠᠨ ᠵᠡᠭᠡᠷ᠎ᠡ᠂ ᠬᠠᠷ᠎ᠠ ᠰᠡᠭᠦᠯᠲᠦ ᠵᠡᠷᠭᠡ ᠠᠮᠢᠲᠠᠳ ᠲᠤ ᠲᠠᠷᠬᠠᠬᠤ ᠡᠷᠡᠰᠳᠡᠯ ᠶᠡᠬᠡ ᠲᠤᠯᠠ ᠪᠠᠷᠠᠭᠤᠨ ᠪᠦᠰᠡ ᠶᠢᠨ ᠬᠡᠮᠵᠢᠶᠡᠨ ᠳᠦ ᠨᠢᠭᠡᠳᠦᠭᠰᠡᠨ ᠦᠷ᠎ᠡ ᠳ᠋ᠦᠩ ᠳᠦ ᠬᠦᠷᠬᠦ ᠠᠵᠢᠯ ᠢ ᠬᠡᠷᠡᠭᠵᠢᠭᠦᠯᠬᠦ ᠱᠠᠭᠠᠷᠳᠠᠯᠭ᠎ᠠ ᠲᠠᠢ᠃ ᠡᠭᠦᠨ ᠳᠦ ᠪᠦᠬᠦ ᠲᠠᠯ᠎ᠠ ᠶᠢᠨ ᠣᠷᠣᠯᠴᠠᠭ᠎ᠠ᠂ ᠳᠡᠮᠵᠢᠯᠭᠡ᠂ ᠬᠦᠴᠦᠨ ᠴᠢᠷᠮᠠᠶᠢᠯᠲᠠ ᠨᠡᠩ ᠴᠢᠬᠤᠯᠠ ᠪᠠᠶᠢᠨ᠎ᠠ ᠭᠡᠵᠦ ᠠᠯᠪᠠᠨ ᠤ ᠬᠢᠨ ᠬᠡᠯᠡᠯ᠎ᠡ᠃

ᠰᠡᠳᠬᠢᠭᠳᠡᠯ ᠦᠯᠡᠳᠡᠭᠡᠬᠦ