ᠡᠷᠳᠡᠮ ᠰᠢᠨᠵᠢᠯᠡᠭᠡᠨ ᠦ ᠬᠤᠷᠠᠯ ᠪᠣᠯᠤᠯ᠎ᠠ  | News.MN

ᠡᠷᠳᠡᠮ ᠰᠢᠨᠵᠢᠯᠡᠭᠡᠨ ᠦ ᠬᠤᠷᠠᠯ ᠪᠣᠯᠤᠯ᠎ᠠ 

ᠮᠣᠩᠭᠣᠯ ᠲᠦᠷᠺ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠳᠤ ᠵᠣᠷᠢᠭᠤᠯᠤᠭᠰᠠᠨ ︽ᠬᠠᠭᠠᠰ ᠵᠠᠭᠤᠨ ᠤ ᠲᠡᠦᠬᠡ ᠪᠠ ᠬᠥᠭᠵᠢᠯ ᠦᠨ ᠴᠢᠭ ᠬᠠᠨᠳᠤᠯᠭ᠎ᠠ︾ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠥᠨᠥᠳᠥᠷ ︵2019.06.07︶ ᠲᠥᠷᠥ ᠶᠢᠨ ᠣᠷᠳᠣᠨ ᠳᠤ ᠪᠣᠯᠤᠯ᠎ᠠ᠃ ᠬᠤᠷᠠᠯ ᠢ ᠨᠡᠭᠡᠭᠡᠵᠦ᠂ ᠤᠯᠤᠰ ᠤᠨ ᠶᠡᠬᠡ ᠬᠤᠷᠠᠯ ᠦᠨ ᠭᠡᠰᠢᠭᠦᠨ᠂ ᠤᠯᠤᠰ ᠤᠨ ᠶᠡᠬᠡ ᠬᠤᠷᠠᠯ ᠳ᠋ᠡᠬᠢ ᠮᠣᠩᠭᠣᠯ ᠲᠦᠷᠺ ᠤᠨ ᠫᠠᠷᠯᠠᠮᠧᠨᠲ ᠤᠨ ᠪᠦᠯᠦᠭ ᠦᠨ ᠳᠠᠷᠤᠭ᠎ᠠ᠂ ᠠᠶᠤᠯᠭᠦᠢ ᠪᠠᠶᠢᠳᠠᠯ ᠭᠠᠳᠠᠭᠠᠳᠤ ᠪᠣᠳᠣᠯᠭ᠎ᠠ ᠶᠢᠨ ᠪᠠᠶᠢᠩᠭᠤ ᠶᠢᠨ ᠬᠣᠷᠢᠶᠠᠨ ᠤ ᠳᠠᠷᠤᠭ᠎ᠠ ᠲ∙ᠠᠶᠤᠷᠰᠠᠶᠢᠬᠠᠨ ᠦᠭᠡ ᠬᠡᠯᠡᠪᠡ ᠃ ᠲᠡᠷᠡ ᠬᠡᠯᠡᠭᠰᠡᠨ ᠦᠭᠡᠨ ᠳᠦ ᠪᠡᠨ ᠄ ᠮᠠᠨ ᠤ ᠲᠣᠭᠠᠯᠠᠯ ᠤᠨ ᠡᠮᠦᠨᠡᠬᠢ ᠭᠤᠷᠪᠠᠳᠤᠭᠠᠷ ᠵᠠᠭᠤᠨ ᠳᠤ ᠮᠣᠩᠭᠣᠯ ᠤᠨ ᠭᠠᠵᠠᠷ ᠨᠤᠲᠤᠭ ᠳᠡᠭᠡᠷ᠎ᠡ ᠪᠠᠶᠢᠭᠤᠯᠤᠭᠳᠠᠭᠰᠠᠨ ᠾᠦᠩᠨᠤ ᠭᠦᠷᠦᠨ ᠦ ᠦᠶ᠎ᠡ ᠡᠴᠡ ᠡᠬᠢ ᠲᠡᠢ ᠮᠠᠨ ᠤ ᠬᠣᠶᠠᠷ ᠣᠷᠣᠨ ᠤ ᠠᠷᠠᠳ ᠲᠦᠮᠡᠨ ᠦ ᠬᠠᠷᠢᠯᠴᠠᠭᠠᠨ ᠤ ᠲᠡᠦᠬᠡ ᠣᠯᠠᠨ ᠮᠢᠩᠭᠠᠨ ᠵᠢᠯ ᠥᠷᠲᠡᠭᠡᠯᠡᠨ ᠤᠯᠠᠮᠵᠢᠯᠠᠭᠳᠠᠭᠰᠠᠭᠠᠷ ᠥᠨᠥ ᠶᠢ ᠬᠦᠷᠦᠭᠰᠡᠨ᠃ ᠬᠣᠶᠠᠷ ᠣᠷᠣᠨ ᠤ ᠣᠷᠴᠢᠨ ᠴᠠᠭ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠵᠢᠯ ᠡᠴᠡ ᠵᠢᠯ ᠳᠦ ᠥᠷᠭᠡᠵᠢᠨ ᠳᠡᠪᠵᠢᠵᠦ ᠪᠠᠶᠢᠨ᠎ᠠ᠃
2011 ᠣᠨ ᠳᠤ ᠤᠯᠤᠰ ᠤᠨ ᠶᠡᠬᠡ ᠬᠤᠷᠠᠯ ᠢᠶᠠᠷ ᠰᠢᠨᠡᠴᠢᠯᠡᠨ ᠪᠠᠲᠤᠯᠠᠭᠰᠠᠨ ᠮᠣᠩᠭᠣᠯ ᠤᠯᠤᠰ ᠤᠨ ᠭᠠᠳᠠᠭᠠᠳᠤ ᠪᠣᠳᠣᠯᠭ᠎ᠠ ᠶᠢᠨ ᠦᠵᠡᠯ ᠪᠠᠷᠢᠮᠲᠠᠯᠠᠯ ᠳᠤ ᠲᠤᠰᠬᠠᠭᠳᠠᠭᠰᠠᠨ ᠭᠤᠷᠪᠠᠳᠠᠭᠴᠢ ᠬᠥᠷᠰᠢ ᠨᠢ ᠲᠦᠷᠺ ᠤᠯᠤᠰ ᠮᠥᠨ ᠪᠥᠭᠡᠳ ᠬᠣᠶᠠᠷ ᠣᠷᠣᠨ ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠶᠢ ᠬᠥᠭᠵᠢᠭᠦᠯᠵᠦ ᠪᠠᠶᠢᠨ᠎ᠠ ᠭᠡᠯ᠎ᠡ᠃ ᠡᠨᠡᠬᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠳᠤ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ᠂ ᠬᠤᠳᠠᠯᠳᠤᠭ᠎ᠠ᠂ ᠡᠳ᠋  ᠦᠨ ᠵᠠᠰᠠᠭ᠂ ᠲᠡᠦᠬᠡ ᠰᠤᠶᠤᠯ ᠤᠨ ᠲᠠᠯ᠎ᠠ ᠪᠠᠷ ᠡᠷᠳᠡᠮᠲᠡᠨ ᠰᠤᠳᠤᠯᠤᠭᠠᠴᠢᠳ ᠢᠯᠡᠳᠬᠡᠯ ᠲᠠᠯᠪᠢᠵᠤ᠂ ᠬᠣᠶᠠᠷ ᠣᠷᠣᠨ ᠤ ᠬᠠᠷᠢᠯᠴᠠᠭ᠎ᠠ ᠶᠢ ᠪᠦᠬᠦᠢ ᠯᠠ ᠲᠠᠯ᠎ᠠ ᠠᠴᠠ ᠨᠢ ᠳ᠋ᠦᠩᠨᠡᠨ ᠬᠡᠯᠡᠯᠴᠡᠭᠰᠡᠨ ᠶᠤᠮ ᠃ ᠲᠡᠭᠦᠨᠴᠢᠯᠡᠨ᠂ ᠴᠠᠭᠠᠰᠢᠳᠠ ᠶᠢᠨ ᠬᠠᠮᠲᠤ ᠶᠢᠨ ᠠᠵᠢᠯᠯᠠᠭᠠᠨ ᠤ ᠬᠡᠲᠦ ᠶᠢᠨ ᠲᠥᠯᠥᠪ᠂ ᠪᠣᠯᠤᠮᠵᠢ ᠶᠢᠨ ᠲᠠᠯ᠎ᠠ ᠪᠠᠷ ᠬᠡᠯᠡᠯᠴᠡᠯ᠎ᠡ ᠭᠡᠵᠦ ᠤᠯᠤᠰ ᠤᠨ ᠶᠡᠬᠡ ᠬᠤᠷᠠᠯ ᠤᠨ ᠬᠡᠪᠯᠡᠯ ᠮᠡᠳᠡᠭᠡᠯᠡᠯ ᠣᠯᠠᠨ ᠨᠡᠶᠢᠲᠡ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠪᠡ᠃

ᠰᠡᠳᠬᠢᠭᠳᠡᠯ ᠦᠯᠡᠳᠡᠭᠡᠬᠦ