ᠮᠣᠩᠭᠣᠯ ᠤᠯᠤᠰ ᠢ ︽ᠨᠠᠶᠢᠳᠠᠪᠤᠷᠢᠲᠠᠢ ᠲᠦᠩᠱᠢ︾ ᠭᠡᠵᠦ ᠲᠣᠳᠣᠷᠬᠠᠶᠢᠯᠠᠵᠠᠢ  | News.MN

ᠮᠣᠩᠭᠣᠯ ᠤᠯᠤᠰ ᠢ ︽ᠨᠠᠶᠢᠳᠠᠪᠤᠷᠢᠲᠠᠢ ᠲᠦᠩᠱᠢ︾ ᠭᠡᠵᠦ ᠲᠣᠳᠣᠷᠬᠠᠶᠢᠯᠠᠵᠠᠢ 

ᠥᠩᠭᠡᠷᠡᠭᠰᠡᠨ ᠪᠢᠮᠪᠠ ᠭᠠᠷᠠᠭ ᠲᠤ ᠠᠮᠧᠷᠢᠺᠠ ᠶᠢᠨ ᠪᠠᠲᠤᠯᠠᠨ ᠬᠠᠮᠠᠭᠠᠯᠠᠬᠤ ᠶᠠᠮᠤᠨ ᠠᠴᠠ ︽Indo-Pacific Strategy Report ︾ ᠨᠡᠷ᠎ᠡ ᠲᠡᠢ 55 ᠬᠠᠭᠤᠳᠠᠰᠤ ᠲᠠᠶᠢᠯᠤᠨ ᠢ ᠲᠠᠨᠢᠯᠴᠠᠭᠤᠯᠤᠭᠰᠠᠨ ᠪᠠᠶᠢᠨ᠎ᠠ᠃ ᠲᠠᠶᠢᠯᠤᠨ ᠳᠤ ᠬᠠᠭᠤᠴᠢᠨ ᠨᠡᠷ᠎ᠡ ᠪᠡᠷ ᠠᠽᠢᠶ᠎ᠠ ᠨᠣᠮᠣᠬᠠᠨ ᠳᠠᠯᠠᠢ ᠶᠢᠨ ᠪᠥᠰᠡ ᠨᠤᠲᠤᠭ ᠲᠤ ᠠᠶᠤᠯᠭᠦᠢ ᠪᠠᠶᠢᠳᠠᠯ ᠤᠨ ᠴᠢᠭᠯᠡᠯ ᠢᠶᠡᠷ ᠲᠷᠠᠮᠫ ᠤᠨ ᠵᠠᠰᠠᠭ ᠵᠠᠬᠢᠷᠭᠠᠨ ᠤ ᠶᠠᠪᠤᠭᠤᠯᠵᠤ ᠪᠤᠢ ᠪᠣᠳᠣᠯᠭ᠎ᠠ ᠶᠢ ᠲᠠᠶᠢᠯᠪᠤᠷᠢᠯᠠᠵᠠᠢ᠃ ᠢᠩᠭᠢᠬᠦ ᠳᠦ ᠪᠡᠨ ᠪᠥᠰᠡ ᠨᠤᠲᠤᠭ ᠤᠨ ᠳᠥᠷᠪᠡᠨ ᠤᠯᠤᠰ ᠲᠠᠢ ᠲᠦᠩᠰᠢᠯᠡᠯ ᠢᠶᠡᠨ ᠥᠷᠭᠡᠵᠢᠭᠦᠯᠬᠦ ᠪᠣᠳᠣᠯᠭ᠎ᠠ ᠪᠠᠷᠢᠮᠲᠠᠯᠠᠵᠤ ᠪᠠᠶᠢᠭ᠎ᠠ ᠶᠢ ᠣᠨᠴᠠᠭᠠᠶᠢᠯᠠᠨ ᠳᠤᠷᠠᠳᠤᠭᠰᠠᠨ ᠪᠠᠶᠢᠨ᠎ᠠ᠃ ᠲᠡᠳᠡᠭᠡᠷ ᠳᠥᠷᠪᠡ ᠨᠢ ᠰᠢᠩᠭᠠᠫᠦᠷ᠂  ᠲᠠᠶᠢᠸᠠᠨ᠂ ᠰᠢᠨ᠎ᠡ ᠽᠢᠯᠠᠨᠳ᠋᠂ ᠮᠣᠩᠭᠣᠯ ᠶᠤᠮ᠃
︽ᠡᠳᠡᠭᠡᠷ ᠳᠥᠷᠪᠡᠨ ᠤᠯᠤᠰ ᠨᠢ ᠳᠡᠯᠡᠬᠡᠢ ᠳ᠋ᠠᠬᠢᠨ ᠳᠤ ᠠᠮᠧᠷᠢᠺᠠ ᠶᠢᠨ ᠶᠠᠪᠤᠭᠤᠯᠵᠤ ᠪᠤᠢ ᠠᠵᠢᠯᠯᠠᠭᠠᠨ ᠨᠤᠭᠤᠳ ᠲᠤ ᠣᠷᠣᠯᠴᠠᠵᠤ᠂ ᠣᠯᠠᠨ ᠤᠯᠤᠰ ᠲᠤ ᠨᠡᠭᠡᠭᠡᠯᠲᠡ ᠲᠡᠢ᠂ ᠴᠢᠯᠦᠭᠡᠲᠦ ᠳᠢᠭ ᠵᠢᠷᠤᠮ ᠲᠣᠭᠲᠠᠭᠠᠬᠤ ᠦᠢᠯᠡᠰ ᠢ ᠢᠳᠡᠪᠬᠢᠲᠡᠢ ᠳᠡᠮᠵᠢᠳᠡᠭ ᠨᠠᠶᠢᠳᠠᠪᠤᠷᠢᠲᠠᠢ᠂ ᠴᠢᠳᠠᠪᠤᠷᠢ ᠲᠠᠢ ᠲᠦᠩᠰᠢ ᠨᠦᠭᠦᠳ︾ ᠬᠡᠮᠡᠨ ᠦᠨᠡᠯᠡᠵᠡᠢ᠃

ᠰᠡᠳᠬᠢᠭᠳᠡᠯ ᠦᠯᠡᠳᠡᠭᠡᠬᠦ