ᠶᠡᠷᠦᠩᠬᠡᠶᠢᠯᠡᠭᠴᠢ ᠶᠢᠨ ᠬᠣᠷᠢᠭ ᠢ ᠬᠦᠯᠢᠶᠡᠨ ᠠᠪᠤᠯ᠎ᠠ    | News.MN

ᠶᠡᠷᠦᠩᠬᠡᠶᠢᠯᠡᠭᠴᠢ ᠶᠢᠨ ᠬᠣᠷᠢᠭ ᠢ ᠬᠦᠯᠢᠶᠡᠨ ᠠᠪᠤᠯ᠎ᠠ   

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠥᠨᠥᠳᠥᠷ ︵2019.06.07︶ ᠤᠨ ᠬᠤᠷᠠᠯᠳᠤᠭᠠᠨ ᠢᠶᠠᠷ ᠵᠠᠬᠢᠷᠭᠠᠨ ᠤ ᠶᠡᠷᠦᠩᠬᠡᠢ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠳᠤ ᠪᠦᠬᠦᠯᠢ ᠳᠦ ᠨᠢ ᠲᠠᠯᠪᠢᠭᠰᠠᠨ ᠶᠡᠷᠦᠩᠬᠡᠶᠢᠯᠡᠭᠴᠢ ᠶᠢᠨ ᠬᠣᠷᠢᠭ ᠢ ᠬᠡᠯᠡᠯᠴᠡᠭᠡᠳ᠂ ᠬᠦᠯᠢᠶᠡᠵᠦ ᠠᠪᠬᠤ ᠰᠢᠢᠳᠪᠦᠷᠢ ᠭᠠᠷᠭᠠᠯ᠎ᠠ᠃
ᠮᠣᠩᠭᠣᠯ ᠤᠯᠤᠰ ᠤᠨ ᠶᠡᠷᠦᠩᠬᠡᠶᠢᠯᠡᠭᠴᠢ ᠳᠡᠭᠡᠷᠡᠬᠢ ᠬᠠᠤᠯᠢ ᠶᠢᠨ ᠲᠥᠰᠥᠯ ᠳᠦ ᠬᠣᠷᠢᠭ ᠲᠠᠯᠪᠢᠬᠤ ᠳᠤ ᠪᠠᠨ᠄ ᠪᠠᠲᠤᠯᠠᠨ ᠬᠠᠮᠠᠭᠠᠯᠠᠬᠤ ᠴᠢᠭᠯᠡᠯ ᠢᠶᠡᠷ ᠭᠠᠷᠭᠠᠭᠰᠠᠨ ᠵᠠᠰᠠᠭ ᠤᠨ ᠭᠠᠵᠠᠷ ᠤᠨ ᠲᠣᠭᠲᠠᠭᠠᠯ᠂ ᠶᠡᠷᠦᠩᠬᠡᠢ ᠰᠠᠶᠢᠳ ᠤᠨ ᠵᠠᠬᠢᠷᠤᠮᠵᠢ᠂ ᠪᠠᠲᠤᠯᠠᠨ ᠬᠠᠮᠠᠭᠠᠯᠠᠬᠤ ᠶᠠᠮᠤᠨ᠂ ᠵᠡᠪᠰᠡᠭᠲᠦ ᠬᠦᠴᠦᠨ ᠦ ᠵᠠᠩᠵᠤᠨ ᠱᠲ᠋ᠠᠪ᠂ ᠲᠡᠳᠡᠭᠡᠷ ᠦᠨ ᠬᠠᠷᠢᠶ᠎ᠠ ᠪᠠᠶᠢᠭᠤᠯᠤᠯᠭ᠎ᠠ ᠨᠤᠭᠤᠳ ᠤᠨ ᠵᠠᠬᠢᠷᠭᠠᠨ ᠤ ᠰᠢᠢᠳᠪᠦᠷᠢ᠂ ᠦᠢᠯᠡ ᠠᠵᠢᠯᠯᠠᠭ᠎ᠠ᠂ ᠠᠶᠤᠯᠭᠦᠢ ᠪᠠᠶᠢᠳᠠᠯ ᠤᠨ ᠰᠠᠯᠪᠤᠷᠢ  ᠳ᠋ᠡᠬᠢ ᠵᠠᠰᠠᠭ ᠤᠨ ᠭᠠᠵᠠᠷ ᠤᠨ ᠲᠣᠭᠲᠠᠭᠠᠯ᠂ ᠶᠡᠷᠦᠩᠬᠡᠢ ᠰᠠᠶᠢᠳ ᠤᠨ ᠵᠠᠬᠢᠷᠤᠮᠵᠢ᠂ ᠬᠠᠤᠯᠢ ᠵᠦᠢ ᠳᠣᠲᠣᠭᠠᠳᠤ ᠬᠡᠷᠡᠭ ᠦᠨ ᠰᠠᠶᠢᠳ ᠤᠨ ᠲᠤᠰᠢᠶᠠᠯ᠂ ᠲᠠᠩᠨᠠᠭᠤᠯ ᠤᠨ ᠶᠡᠷᠦᠩᠬᠡᠢ ᠭᠠᠵᠠᠷ᠂ ᠴᠠᠭᠳᠠᠭ᠎ᠠ ᠶᠢᠨ ᠶᠡᠷᠦᠩᠬᠡᠢ ᠭᠠᠵᠠᠷ᠂ ᠬᠢᠯᠢ ᠬᠠᠮᠠᠭᠠᠯᠠᠬᠤ ᠶᠡᠷᠦᠩᠬᠡᠢ ᠭᠠᠵᠠᠷ᠂ ᠰᠢᠭᠦᠬᠦ ᠶᠢᠨ ᠰᠢᠢᠳᠪᠦᠷᠢ ᠭᠦᠢᠴᠡᠳᠭᠡᠬᠦ ᠶᠡᠷᠦᠩᠬᠡᠢ ᠭᠠᠵᠠᠷ ᠤᠨ ᠵᠠᠬᠢᠷᠭᠠᠨ ᠤ ᠰᠢᠢᠳᠪᠦᠷᠢ᠂ ᠦᠢᠯᠡ ᠠᠵᠢᠯᠯᠠᠭ᠎ᠠ᠂ ᠭᠠᠳᠠᠭᠠᠳᠤ ᠪᠣᠳᠣᠯᠭ᠎ᠠ ᠶᠢ ᠬᠡᠷᠡᠭᠵᠢᠭᠦᠯᠬᠦ ᠴᠢᠭᠯᠡᠯ ᠢᠶᠡᠷ ᠭᠠᠷᠭᠠᠭᠰᠠᠨ ᠵᠠᠰᠠᠭ ᠤᠨ ᠭᠠᠵᠠᠷ ᠤᠨ ᠲᠣᠭᠲᠠᠭᠠᠯ᠂ ᠶᠡᠷᠦᠩᠬᠡᠢ ᠰᠠᠶᠢᠳ ᠤᠨ ᠵᠠᠬᠢᠷᠤᠮᠵᠢ᠂ ᠭᠠᠳᠠᠭᠠᠳᠤ ᠬᠠᠷᠢᠯᠴᠠᠭᠠᠨ ᠤ ᠰᠠᠶᠢᠳ ᠤᠨ ᠲᠤᠰᠢᠶᠠᠯ᠂ ᠬᠠᠷᠢᠶ᠎ᠠ ᠪᠠᠶᠢᠭᠤᠯᠤᠯᠭ᠎ᠠ ᠨᠤᠭᠤᠳ ᠤᠨ ᠵᠠᠬᠢᠷᠭᠠᠨ ᠤ ᠰᠢᠢᠳᠪᠦᠷᠢ᠂ ᠦᠢᠯᠡ ᠠᠵᠢᠯᠯᠠᠭ᠎ᠠ ᠵᠡᠷᠭᠡ ᠨᠢ ᠪᠦᠬᠦᠯᠢ ᠳᠦ ᠪᠡᠨ ᠶᠠᠮᠠᠷ ᠴᠤ ᠠᠩᠭᠢᠯᠠᠯ᠂ ᠰᠢᠯᠭᠠᠭᠤᠷᠢ ᠦᠭᠡᠢ ᠪᠡᠷ ᠰᠢᠭᠦᠬᠦ ᠶᠢᠨ ᠬᠢᠨᠠᠯᠲᠠ ᠠᠴᠠ ᠭᠠᠷᠴᠤ ᠪᠠᠶᠢᠨ᠎ᠠ ᠭᠡᠵᠦ ᠦᠵᠡᠭᠰᠡᠨ ᠶᠤᠮ᠃ ᠮᠤᠩᠭᠤᠯ ᠠᠷᠠᠳ ᠤᠨ ᠨᠠᠮ ᠤᠨ ᠪᠦᠯᠦᠭ ᠦᠨ ᠬᠤᠷᠠᠯᠳᠤᠭᠠᠨ ᠪᠣᠯᠤᠨ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠬᠤᠷᠠᠯ ᠢᠶᠠᠷ ᠤᠭ ᠠᠰᠠᠭᠤᠳᠠᠯ ᠢ ᠬᠡᠯᠡᠯᠴᠡᠭᠡᠳ᠂ ᠬᠦᠯᠢᠶᠡᠵᠦ ᠠᠪᠬᠤ ᠪᠣᠯᠤᠮᠵᠢ ᠦᠭᠡᠢ ᠭᠡᠰᠡᠨ ᠳ᠋ᠦᠩᠨᠡᠯᠲᠡ ᠭᠠᠷᠭᠠᠭᠠᠳ ᠪᠠᠶᠢᠭᠰᠠᠨ ᠪᠢᠯᠡ᠃ ᠬᠠᠷᠢᠨ ᠠᠷᠠᠳᠴᠢᠯᠠᠭᠰᠠᠨ ᠨᠠᠮ ᠍ ᠤᠨ ᠵᠥᠪᠯᠡᠯ ᠶᠡᠷᠦᠩᠬᠡᠶᠢᠯᠡᠭᠴᠢ ᠶᠢᠨ ᠬᠣᠷᠢᠭ ᠢ ᠬᠦᠯᠢᠶᠡᠵᠦ ᠠᠪᠬᠤ ᠨᠢ ᠵᠦᠢᠲᠡᠢ ᠭᠡᠰᠡᠨ ᠪᠠᠶᠢᠷᠢ ᠰᠠᠭᠤᠷᠢ ᠲᠠᠢ ᠪᠠᠶᠢᠭᠰᠠᠨ ᠶᠤᠮ᠃
ᠡᠶᠢᠨ ᠬᠦ ᠤᠯᠤᠰ ᠤᠨ ᠶᠡᠬᠡ ᠬᠤᠷᠠᠯ ᠶᠡᠷᠦᠩᠬᠡᠶᠢᠯᠡᠭᠴᠢ ᠶᠢᠨ ᠬᠣᠷᠢᠭ ᠢ ᠬᠦᠯᠢᠶᠡᠨ ᠠᠪᠤᠭᠰᠠᠨ ᠢᠶᠠᠷ ᠵᠠᠬᠢᠷᠭᠠᠨ ᠤ ᠶᠡᠷᠦᠩᠬᠡᠢ ᠬᠠᠤᠯᠢ ᠳᠤ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢ ᠬᠦᠴᠦᠨ ᠦᠭᠡᠢ ᠪᠣᠯᠭᠠᠬᠤ ᠡᠰᠡᠪᠡᠯ ᠥᠭᠡᠷᠡᠴᠢᠯᠡᠬᠦ ᠭᠡᠰᠡᠨ ᠵᠠᠮ ᠪᠤᠢ ᠪᠣᠯᠤᠭᠠᠳ ᠪᠠᠶᠢᠨ᠎ᠠ᠃ ᠬᠦᠴᠦᠨ ᠦᠭᠡᠢ ᠪᠣᠯᠭᠠᠭᠰᠠᠨ ᠲᠣᠬᠢᠶᠠᠯᠳᠤᠯ ᠳᠤ ᠡᠮᠦᠨᠡᠬᠢ ᠬᠠᠤᠯᠢ ᠶᠢ ᠬᠡᠪ ᠢᠶᠡᠷ ᠨᠢ ᠮᠥᠷᠳᠡᠨ᠎ᠡ᠃ ᠳᠠᠬᠢᠨ ᠥᠭᠡᠷᠡᠴᠢᠯᠡᠬᠦ ᠪᠣᠯ ᠪᠠᠶᠢᠩᠭᠤ ᠶᠢᠨ ᠬᠣᠷᠢᠶ᠎ᠠ ᠪᠠᠷ ᠬᠡᠯᠡᠯᠴᠡᠯᠡᠭᠦᠯᠬᠦ ᠱᠠᠭᠠᠷᠳᠠᠯᠭ᠎ᠠ ᠦᠭᠡᠢ ᠪᠡᠷ ᠰᠢᠭᠤᠳ ᠴᠢᠭᠤᠯᠭᠠᠨ ᠤ ᠬᠤᠷᠠᠯᠳᠤᠭᠠᠨ ᠳᠤ ᠬᠡᠯᠡᠯᠴᠡᠭᠦᠯᠬᠦ ᠪᠣᠯᠤᠮᠵᠢ ᠲᠠᠢ ᠶᠤᠮ ᠪᠠᠶᠢᠨ᠎ᠠ᠃

ᠰᠡᠳᠬᠢᠭᠳᠡᠯ ᠦᠯᠡᠳᠡᠭᠡᠬᠦ