ᠶᠡᠷᠦᠩᠬᠡᠶᠢᠯᠡᠭᠴᠢ SCO  ᠳᠤ ᠤᠷᠤᠯᠴᠠᠨ᠎ᠠ  | News.MN

ᠶᠡᠷᠦᠩᠬᠡᠶᠢᠯᠡᠭᠴᠢ SCO  ᠳᠤ ᠤᠷᠤᠯᠴᠠᠨ᠎ᠠ 

ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠵᠢᠷᠭᠤᠳᠤᠭᠠᠷ 12 ᠍ ᠳᠦ ᠺᠢᠷᠭᠢᠽᠰᠲ᠋ᠠᠨ ᠤᠯᠤᠰ ᠢ  ᠵᠤᠷᠢᠵᠤ ᠂ ᠲᠡᠨᠳᠡ ᠪᠣᠯᠬᠤ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠳᠡᠭᠡᠳᠦ ᠬᠡᠮᠵᠢᠶᠡᠨ ᠦ ᠠᠭᠤᠯᠵᠠᠯᠲᠠ ᠳᠤ ᠣᠷᠣᠯᠴᠠᠨ᠎ᠠ᠃ ᠠᠭᠤᠯᠵᠠᠯᠲᠠ ᠳᠤ 11 ᠣᠷᠣᠨ ᠪᠤᠶᠤ ᠣᠷᠣᠰ᠂ ᠬᠠᠰᠠᠭᠰᠲ᠋ᠠᠨ᠂ ᠬᠢᠲᠠᠳ ᠂  ᠲᠠᠵᠢᠺᠰᠲ᠋ᠠᠨ᠂ ᠦᠽᠪᠸᠺᠰᠲ᠋ᠠᠨ᠂ ᠡᠨᠡᠳᠬᠡᠭ᠂ ᠫᠠᠺᠢᠰᠲ᠋ᠠᠨ ᠠᠴᠠ ᠭᠠᠳᠠᠨ᠎ᠠ ᠠᠪᠭᠠᠨᠢᠰᠲ᠋ᠠᠨ᠂  ᠪᠸᠯᠠᠷᠤᠰ ᠂ ᠢᠷᠡᠨ᠂ ᠮᠣᠩᠭᠣᠯ ᠵᠡᠷᠭᠡ ᠤᠯᠤᠰ ᠤᠨ ᠲᠥᠷᠥ ᠵᠠᠰᠠᠭ ᠤᠨ ᠲᠡᠷᠢᠭᠦᠨ ᠤᠷᠤᠯᠴᠠᠬᠤ ᠠᠵᠠᠢ ᠃
ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠳᠠᠷᠤᠭᠠᠯᠠᠭᠴᠢ ᠶᠢᠨ ᠡᠭᠦᠷᠭᠡ ᠶᠢ ᠡᠨᠡ ᠵᠢᠯ ᠺᠢᠷᠭᠢᠽᠰᠲ᠋ᠠᠨ ᠤ ᠶᠡᠷᠦᠩᠬᠡᠶᠢᠯᠡᠭᠴᠢ ᠰᠣᠷᠤᠨᠪᠠᠢ ᠵᠡᠢᠨᠪᠧᠺᠣᠸ ᠭᠦᠢᠴᠡᠳᠭᠡᠬᠦ ᠪᠥᠭᠡᠳ ᠲᠤᠰ ᠤᠯᠤᠰ ᠤᠨ ᠡᠷᠬᠡ ᠪᠠᠷᠢᠭᠴᠢᠳ ᠡᠨᠡ ᠰᠠᠷ᠎ᠠ ᠶᠢᠨ 1-20 ᠍ ᠤ ᠬᠣᠭᠣᠷᠣᠨᠳᠣ ᠭᠣᠷᠺᠢ ᠶᠢᠨ ᠨᠡᠷᠡᠮᠵᠢᠲᠦ ᠲᠠᠯᠠᠪᠠᠢ ᠠᠴᠠ ᠪᠤᠰᠤᠳ ᠭᠠᠵᠠᠷ ᠲᠤ ᠶᠠᠮᠠᠷ ᠨᠢᠭᠡ ᠵᠢᠭᠰᠠᠭᠠᠯ ᠴᠤᠭᠯᠠᠭᠠᠨ ᠬᠢᠬᠦ ᠶᠢ ᠬᠣᠷᠢᠭᠯᠠᠵᠠᠢ᠃ ᠰᠠᠨᠠᠭᠤᠯᠬᠤ ᠳᠤ᠂ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠳᠡᠭᠡᠳᠦ ᠬᠡᠮᠵᠢᠶᠡᠨ ᠦ ᠠᠭᠤᠯᠵᠠᠯᠲᠠ ᠤᠭ ᠨᠢ ᠡᠨᠡ ᠰᠠᠷ᠎ᠠ ᠶᠢᠨ 14-15 ᠍ ᠳᠦ ᠲᠥᠯᠥᠪᠯᠡᠭᠳᠡᠭᠰᠡᠨ ᠪᠠᠶᠢᠭᠰᠠᠨ ᠴᠤ ᠲᠣᠳᠣᠷᠬᠠᠢ ᠰᠢᠯᠲᠠᠭᠠᠨ ᠤ ᠤᠯᠠᠮ ᠠᠴᠠ ᠲᠤᠪ ᠢᠶᠠᠨ ᠨᠠᠭᠠᠰᠢᠯᠠᠭᠤᠯᠵᠤ᠂ 13᠂ 14 ᠍ ᠳᠦ ᠪᠣᠯᠭᠠᠭᠠᠳ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ