ᠮᠣᠩᠭᠣᠯ ᠤᠨ ᠰᠤᠶᠤᠯ ᠤᠨ ᠡᠳᠦᠷ ᠦᠳ ᠰᠠᠨᠲ ᠫᠸᠲᠸᠷᠪᠦ᠋ᠷᠡᠭ  ᠲᠦ ᠡᠬᠢᠯᠡᠪᠡ  | News.MN

ᠮᠣᠩᠭᠣᠯ ᠤᠨ ᠰᠤᠶᠤᠯ ᠤᠨ ᠡᠳᠦᠷ ᠦᠳ ᠰᠠᠨᠲ ᠫᠸᠲᠸᠷᠪᠦ᠋ᠷᠡᠭ  ᠲᠦ ᠡᠬᠢᠯᠡᠪᠡ 

ᠣᠷᠣᠰ ᠤᠨ ᠰᠠᠨᠲ ᠫᠸᠲᠸᠷᠪᠦ᠋ᠷᠡᠭ ᠬᠤᠲᠠ ᠳᠤ ︽ᠮᠣᠩᠭᠣᠯ ᠤᠨ ᠰᠤᠶᠤᠯ ᠤᠨ ᠡᠳᠦᠷ ᠦᠳ︾ ᠦᠨ ᠨᠡᠭᠡᠭᠡᠯᠲᠡ ᠶᠢᠨ ᠠᠵᠢᠯᠯᠠᠭ᠎ᠠ ᠣᠷᠣᠰ ᠤᠨ ᠤᠤᠭᠠᠨ ᠲᠢᠶᠠᠲ᠋ᠷ ᠤᠳ ᠤᠨ ᠨᠢᠭᠡ᠂ ᠤᠷᠠᠨ ᠪᠠᠷᠢᠯᠭ᠎ᠠ᠂ ᠳᠠᠭᠤᠤ ᠬᠥᠭᠵᠢᠮ ᠦᠨ ᠲᠡᠭᠦᠰ ᠳᠤᠤᠭᠠᠷᠤᠯᠲᠠ᠂ ᠬᠡᠪ ᠵᠠᠶ᠋ᠢᠭ ᠤᠨ ᠬᠠᠳᠠᠭᠠᠯᠠᠯᠲᠠ᠂ ᠲᠡᠦᠬᠡ᠂ ᠠᠯᠳᠠᠷ ᠢᠶᠠᠷ ᠢᠶᠠᠨ ᠳᠡᠯᠡᠬᠡᠢ ᠳᠦ ᠭᠠᠶᠢᠬᠠᠭᠳᠠᠳᠠᠭ ᠺᠠᠫᠧᠯᠯᠠ ᠲᠢᠶᠠᠲ᠋ᠷ ᠤᠨ ᠶᠡᠬᠡ ᠺᠣᠨᠼᠧᠷᠲ ᠤᠨ ᠲᠠᠩᠬᠢᠮ ᠳᠤ 2019 ᠣᠨ ᠤ 06 ᠳ᠋ᠤᠭᠠᠷ ᠰᠠᠷ᠎ᠠ ᠶᠢᠨ 09  ᠦ ᠡᠳᠦᠷ ᠶᠣᠰᠣᠯᠠᠯ ᠲᠡᠭᠦᠯᠳᠡᠷ ᠡᠬᠢᠯᠡᠪᠡ᠃
ᠰᠤᠶᠤᠯ ᠤᠨ ᠡᠳᠦᠷ  ᠦᠨ ᠠᠷᠭ᠎ᠠ ᠬᠡᠮᠵᠢᠶ᠎ᠡ ᠶᠢ ᠨᠡᠭᠡᠭᠡᠵᠦ ᠮᠣᠩᠭᠣᠯ ᠤᠯᠤᠰ ᠤᠨ ᠰᠢᠳᠠᠷ ᠰᠠᠶᠢᠳ ᠥ᠊∙  ᠡᠩᠬᠡᠲᠦ᠋ᠪᠰᠢᠨ ᠬᠡᠯᠡᠭᠰᠡᠨ ᠦᠭᠡᠨ ᠳᠦ ᠪᠡᠨ ᠭᠤᠷᠪᠠᠨ ᠵᠢᠯ ᠦᠨ ᠲᠡᠷᠲᠡᠭᠡ ᠰᠠᠨᠲ ᠫᠸᠲᠸᠷᠪᠦ᠋ᠷᠡᠭ ᠲᠤ  ᠤᠯᠠᠭᠠᠨᠪᠠᠭᠠᠲᠤᠷ ᠬᠣᠲᠠ ᠶᠢᠨ ᠰᠤᠶᠤᠯ ᠤᠨ ᠡᠳᠦᠷ ᠦᠳ ᠢ ᠠᠮᠵᠢᠯᠲᠠᠲᠠᠢ ᠵᠣᠬᠢᠶᠠᠨ ᠪᠠᠶᠢᠭᠤᠯᠵᠤ ᠪᠠᠶᠢᠭᠰᠠᠨ ᠢ ᠳᠤᠷᠠᠳᠤᠭᠠᠳ᠂ ᠮᠣᠩᠭᠣᠯ ᠤᠯᠤᠰ ᠤᠨ ᠡᠷᠬᠡ ᠴᠢᠯᠦᠭᠡ᠂ ᠲᠤᠰᠠᠭᠠᠷ ᠲᠣᠭᠲᠠᠨᠢᠯ᠂ ᠦᠨᠳᠦᠰᠦᠨ ᠦ ᠠᠶᠤᠯᠭᠦᠢ ᠪᠠᠶᠢᠳᠠᠯ ᠢ ᠬᠠᠩᠭᠠᠬᠤ ᠳᠤ ᠵᠢᠩ ᠲᠠᠢ ᠬᠤᠪᠢ ᠨᠡᠮᠡᠷᠢ ᠣᠷᠣᠭᠤᠯᠤᠭᠰᠠᠨ᠂ ᠬᠤᠷᠢᠳᠤᠭᠠᠷ ᠵᠠᠭᠤᠨ ᠤ ᠲᠡᠦᠬᠡᠨ ᠦᠢᠯᠡ ᠶᠠᠪᠤᠳᠠᠯ ᠤᠨ ᠨᠢᠭᠡ ︽ᠬᠠᠯᠬ᠎ᠠ ᠶᠢᠨ ᠭᠣᠣᠯ ᠤᠨ ᠪᠠᠶᠢᠯᠳᠤᠭᠠᠨ︾ ᠤ ᠢᠯᠠᠯᠲᠠ ᠶᠢᠨ 80 ᠵᠢᠯ ᠦᠨ ᠣᠢ ᠶᠢᠨ ᠵᠢᠯ ᠳᠦ ᠡᠮᠦᠨᠡᠬᠢ ᠰᠤᠶᠤᠯ ᠤᠨ ᠠᠷᠭ᠎ᠠ ᠬᠡᠮᠵᠢᠶᠡᠨ ᠦ ᠪᠡᠨ ᠲᠦᠪᠰᠢᠨ ᠢ ᠠᠬᠢᠭᠤᠯᠵᠤ ᠂ ᠮᠣᠩᠭᠣᠯ ᠤᠨ ᠰᠤᠶᠤᠯ ᠤᠨ ᠡᠳᠦᠷ ᠦᠳ ᠢ ᠠᠩᠬ᠎ᠠ ᠤᠳᠠᠭ᠎ᠠ ᠵᠣᠬᠢᠶᠠᠨ ᠪᠠᠶᠢᠭᠤᠯᠵᠤ ᠪᠤᠢ ᠶᠢ ᠲᠡᠮᠳᠡᠭᠯᠡᠬᠦ ᠳᠦ ᠲᠠᠭᠠᠲᠠᠢ ᠪᠠᠶᠢᠨ᠎ᠠ᠃ ᠡᠨᠡᠬᠦ ᠠᠷᠭ᠎ᠠ ᠬᠡᠮᠵᠢᠶ᠎ᠡ ᠨᠦᠭᠦᠳ ᠦᠨ ᠬᠦᠷᠢᠶᠡᠨ ᠳᠦ ᠡᠷᠳᠡᠮ ᠰᠢᠨᠵᠢᠯᠡᠭᠡᠨ ᠦ ᠬᠤᠷᠠᠯ᠂ ᠭᠠᠷ ᠪᠢᠴᠢᠮᠡᠯ᠂ ᠭᠡᠷᠡᠯ ᠵᠢᠷᠤᠭ ᠤᠨ ᠦᠵᠡᠰᠬᠦᠯᠡᠩ ᠦᠳ ᠪᠣᠯᠤᠨ ᠤᠷᠠᠯᠢᠭ ᠤᠨ ᠲᠣᠭᠯᠠᠯᠲᠠ ᠨᠤᠭᠤᠳ ᠵᠣᠬᠢᠶᠠᠨ ᠪᠠᠶᠢᠭᠤᠯᠤᠭᠳᠠᠨ᠎ᠠ ᠃ ︽ᠭᠡᠭᠡᠨ ᠫᠧᠲ᠋ᠷ ᠤᠨ ᠬᠣᠲᠠ︾ ᠬᠡᠮᠡᠨ ᠬᠦᠨᠳᠦᠳᠬᠡᠭᠳᠡᠭᠰᠡᠨ᠂ ᠳᠡᠯᠡᠬᠡᠢ ᠶᠢᠨ ᠰᠤᠶᠤᠯ ᠤᠨ ᠨᠡᠶᠢᠰᠯᠡᠯ ᠦᠳ ᠦᠨ ᠨᠢᠭᠡ ᠰᠠᠨᠲ ᠫᠸᠲᠸᠷᠪᠦ᠋ᠷᠡᠭ ᠲᠤ ᠮᠣᠩᠭᠣᠯ ᠤᠨ ᠪᠡᠯᠭᠡ ᠲᠡᠮᠳᠡᠭ ᠪᠣᠯᠤᠭᠰᠠᠨ ᠮᠣᠷᠢᠨ ᠬᠤᠭᠤᠷ ᠤᠨ ᠴᠢᠭᠤᠯᠭ᠎ᠠ ᠶᠢᠨ ᠪᠦᠷᠢᠨ ᠪᠦᠷᠢᠯᠳᠦᠬᠦᠨ ᠳᠦ ᠰᠠᠭᠤᠷᠢᠯᠠᠭᠰᠠᠨ ᠡᠨᠡᠬᠦ ᠺᠣᠨᠼᠧᠷᠲ ᠢᠶᠠᠷ ᠮᠠᠨ ᠤ ᠰᠤᠶᠤᠯ ᠤᠨ ᠠᠷᠭ᠎ᠠ ᠬᠡᠮᠵᠢᠶ᠎ᠡ ᠡᠬᠢᠯᠡᠵᠦ  ᠪᠤᠢ ᠳᠤ ᠲᠠᠯᠠᠷᠬᠠᠯ ᠲᠠᠢ ᠪᠠᠶᠢᠨ᠎ᠠ ᠬᠡᠮᠡᠨ ᠬᠡᠯᠡᠪᠡ᠃

ᠰᠡᠳᠬᠢᠭᠳᠡᠯ ᠦᠯᠡᠳᠡᠭᠡᠬᠦ