ᠪᠠᠭᠰᠢ ᠨᠠᠷ ᠤᠨ ᠪᠦᠲᠦᠭᠡᠯ ᠦᠨ ᠦᠵᠡᠰᠬᠦᠯᠡᠩ ᠨᠡᠭᠡᠭᠡᠯ᠎ᠡ  | News.MN

ᠪᠠᠭᠰᠢ ᠨᠠᠷ ᠤᠨ ᠪᠦᠲᠦᠭᠡᠯ ᠦᠨ ᠦᠵᠡᠰᠬᠦᠯᠡᠩ ᠨᠡᠭᠡᠭᠡᠯ᠎ᠡ 

ᠲᠥᠪ ᠠᠶᠢᠮᠠᠭ  ᠪᠣᠯᠪᠠᠰᠤᠷᠠᠯ ᠤᠨ ︽ᠲᠣᠭᠲᠠᠪᠤᠷᠢᠲᠠᠢ ᠬᠥᠭᠵᠢᠯ ᠦᠨ ᠪᠣᠳᠣᠯᠭ᠎ᠠ︾᠂ ︽ᠬᠥᠭᠵᠢᠭᠰᠡᠨ ᠪᠠᠭᠰᠢ ᠠᠴᠠ ᠴᠢᠳᠠᠪᠤᠷᠢᠯᠢᠭ ᠰᠤᠷᠤᠭᠴᠢ︾ ᠳᠡᠳ᠋ ᠬᠥᠲᠥᠯᠪᠦᠷᠢ ᠶᠢ ᠬᠡᠷᠡᠭᠵᠢᠭᠦᠯᠬᠦ ᠠᠵᠢᠯ ᠤᠨ ᠬᠦᠷᠢᠶᠡᠨ ᠳᠦ ᠠᠶᠢᠮᠠᠭ ᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠤᠨ  ᠳ᠋ᠢᠽᠠᠶᠢᠨ᠂ ᠲᠧᠭᠨᠣᠯᠣᠭᠢ ᠶᠢᠨ ᠪᠠᠭᠰᠢ ᠨᠠᠷ ᠤᠨ ᠪᠦᠲᠦᠭᠡᠯ ᠦᠨ ᠦᠵᠡᠰᠬᠦᠯᠡᠩ ᠢ ︽ᠮᠣᠩᠭᠣᠯ ᠲᠤᠭᠤᠷᠭᠠᠲᠠᠨ ᠲᠢᠶᠠᠲ᠋ᠷ︾ ᠲᠤ ᠵᠣᠬᠢᠶᠠᠨ ᠪᠠᠶᠢᠭᠤᠯᠤᠯ᠎ᠠ᠃ ᠪᠠᠭᠰᠢ ᠶᠢᠨ ᠮᠡᠷᠭᠡᠵᠢᠯ ᠦᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠲᠡᠷᠢᠭᠦᠨ ᠲᠤᠷᠰᠢᠯᠭ᠎ᠠ ᠶᠢ ᠲᠦᠭᠡᠭᠡᠨ ᠳᠡᠯᠭᠡᠷᠡᠭᠦᠯᠬᠦ ᠵᠣᠷᠢᠯᠭ᠎ᠠ ᠪᠦᠬᠦᠢ ᠤᠭ ᠦᠵᠡᠰᠬᠦᠯᠡᠩ ᠳᠦ 21 ᠰᠤᠷᠭᠠᠭᠤᠯᠢ ᠶᠢᠨ 35 ᠪᠠᠭᠰᠢ ᠶᠢᠨ 200 ᠭᠠᠷᠤᠢ ᠪᠦᠲᠦᠭᠡᠯ ᠲᠠᠯᠪᠢᠭᠳᠠᠵᠠᠢ᠃
ᠳ᠋ᠢᠽᠠᠶᠢᠨ ᠲᠧᠭᠨᠣᠯᠣᠭᠢ ᠶᠢᠨ ᠪᠠᠭᠰᠢ ᠨᠠᠷ ᠨᠢ ᠰᠤᠷᠭᠠᠭᠤᠯᠢ᠂ ᠪᠦᠰᠡ᠂ ᠠᠶᠢᠮᠠᠭ᠂ ᠤᠯᠤᠰ ᠤᠨ ᠲᠦᠪᠰᠢᠨ ᠳᠦ  ︽ᠰᠠᠶᠢᠨ ᠬᠢᠴᠢᠶᠡᠯ ᠦᠢᠯᠡ ᠠᠵᠢᠯᠯᠠᠭᠠᠨ ᠤ ᠵᠦᠪᠯᠡᠯᠭᠡᠨ ︾᠍ ᠦ ᠬᠦᠷᠢᠶᠡᠨ ᠳᠦ ᠵᠣᠬᠢᠶᠠᠨ ᠪᠠᠶᠢᠭᠤᠯᠳᠠᠭ ᠲᠡᠷᠢᠭᠦᠨ ‍ᠣ ᠲᠤᠷᠰᠢᠯᠭ᠎ᠠ ᠶᠢᠨ ᠦᠵᠡᠰᠬᠦᠯᠡᠩ ᠦᠨ ᠲᠥᠷᠦᠯ ᠳᠦ 3 ᠵᠢᠯ ᠳᠠᠷᠠᠭᠠᠯᠠᠨ ᠲᠡᠷᠢᠭᠦᠨ ᠪᠠᠶᠢᠷᠢ ᠳᠤ ᠰᠢᠯᠭᠠᠷᠠᠭᠰᠠᠨ ᠲᠤᠷᠰᠢᠯᠭ᠎ᠠ ᠲᠠᠢ ᠠᠵᠡᠢ᠃

ᠰᠡᠳᠬᠢᠭᠳᠡᠯ ᠦᠯᠡᠳᠡᠭᠡᠬᠦ