ᠬᠠᠺᠤᠬᠤ᠋ ᠬᠦᠨᠳᠦᠲᠦ ᠶᠡᠷᠦᠩᠬᠡᠶᠢᠯᠡᠭᠴᠢ ᠪᠣᠯᠵᠠᠢ  | News.MN

 ᠬᠠᠺᠤᠬᠤ᠋ ᠬᠦᠨᠳᠦᠲᠦ ᠶᠡᠷᠦᠩᠬᠡᠶᠢᠯᠡᠭᠴᠢ ᠪᠣᠯᠵᠠᠢ 

ᠶᠠᠫᠣᠨ ᠳ᠋ᠡᠬᠢ ᠮᠣᠩᠭᠣᠯ ᠢᠷᠭᠡᠳ ᠦᠨ ᠨᠢᠭᠡᠳᠦᠭᠰᠡᠨ ᠬᠣᠯᠪᠣᠭᠠᠨ ᠠᠴᠠ ᠥᠩᠭᠡᠷᠡᠭᠴᠢ ᠳᠣᠯᠣᠭ᠎ᠠ ᠬᠣᠨᠣᠭ ᠲᠤ ᠶᠡᠬᠡ ᠠᠪᠤᠷᠭᠤ ᠬᠠᠺᠤᠬᠤ᠋ ᠮ∙ᠳᠠᠸᠠᠵᠢᠷᠭᠠᠯ ᠳᠦ 00001 ᠳ᠋ᠤᠭᠠᠷ ᠲᠠᠢ ᠬᠣᠯᠪᠣᠭᠠᠨ ᠤ ᠭᠡᠰᠢᠭᠦᠨ ᠦ ᠦᠨᠡᠮᠯᠡᠬᠦ ᠶᠢ ᠭᠠᠷᠳᠠᠭᠤᠯᠤᠨ ᠥᠭᠭᠦᠭᠰᠡᠨ ᠡᠴᠡ ᠭᠠᠳᠠᠨ᠎ᠠ ᠬᠣᠯᠪᠣᠭᠠᠨ ᠤ ᠪᠠᠨ ᠬᠦᠨᠳᠦᠲᠦ ᠶᠡᠷᠦᠩᠬᠡᠶᠢᠯᠡᠭᠴᠢ ᠪᠣᠯᠭᠠᠵᠠᠢ᠃ ᠮ ∙ ᠳᠠᠸᠠᠵᠢᠷᠭᠠᠯ ᠲᠤᠰ ᠬᠣᠯᠪᠣᠭᠠᠨ ᠤ ᠦᠢᠯᠡ ᠠᠵᠢᠯᠯᠠᠭ᠎ᠠ ᠶᠢ ᠳᠡᠮᠵᠢᠨ ᠴᠢᠨᠠᠭᠰᠢᠳᠠ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠭᠰᠡᠨ  ᠪᠦᠭᠡᠳ  ᠬᠣᠯᠪᠣᠭᠠᠨ ᠤ ᠬᠠᠮᠲᠤ ᠣᠯᠠᠨ ᠢ  ᠲᠤᠤᠺᠢᠤ᠋ ᠬᠤᠲᠠ ᠳᠤ ᠥᠪᠡᠷ ᠦᠨ ᠭᠡᠰᠡᠨ ᠠᠵᠢᠯ ᠤᠨ ᠪᠠᠶᠢᠷᠢ ᠲᠠᠢ ᠪᠣᠯᠬᠤ ᠳᠤ ᠲᠤᠰᠠᠯᠠᠮᠵᠢ ᠦᠵᠡᠭᠦᠯᠵᠡᠢ᠃
ᠶᠠᠫᠣᠨ ᠳ᠋ᠡᠬᠢ ᠮᠣᠩᠭᠣᠯ ᠢᠷᠭᠡᠳ ᠦᠨ ᠨᠢᠭᠡᠳᠦᠭᠰᠡᠨ ᠬᠣᠯᠪᠣᠭ᠎ᠠ ᠨᠢ ᠬᠣᠶᠠᠷ ᠣᠷᠣᠨ ᠤ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠪᠠᠷ ᠠᠵᠢᠯᠯᠠᠳᠠᠭ ᠪᠥᠭᠡᠳ ᠡᠯᠢᠭᠡᠨ ᠦ ᠰᠤᠳᠠᠰᠤᠨ ᠤ ᠪᠥᠭᠯᠡᠷᠡᠯ ᠦᠨ ᠬᠠᠭᠠᠯᠭᠠᠨ ᠳᠤ ᠣᠷᠣᠭᠰᠠᠨ ᠢᠷᠭᠡᠨ ᠵ∙ᠠᠮᠤᠷᠲᠦ᠋ᠷᠦ ᠶᠢᠨ ᠡᠮᠴᠢᠯᠡᠭᠡᠨ ᠳᠦ ᠵᠣᠷᠢᠭᠤᠯᠤᠭᠰᠠᠨ ᠬᠠᠨᠳᠢᠪ ᠤᠨ ᠠᠶᠠᠨ ᠢ ᠡᠬᠢᠯᠡᠭᠦᠯᠵᠡᠢ᠃

ᠰᠡᠳᠬᠢᠭᠳᠡᠯ ᠦᠯᠡᠳᠡᠭᠡᠬᠦ