ᠬᠠᠷᠬᠢᠷ᠎ᠠ ᠶᠢᠨ ᠣᠷᠭᠢᠯ ᠳᠤ ᠠᠪᠠᠷᠢᠵᠤ ᠪᠠᠶᠢᠨ᠎ᠠ  | News.MN

ᠬᠠᠷᠬᠢᠷ᠎ᠠ ᠶᠢᠨ ᠣᠷᠭᠢᠯ ᠳᠤ ᠠᠪᠠᠷᠢᠵᠤ ᠪᠠᠶᠢᠨ᠎ᠠ 

ᠮᠣᠩᠭᠣᠯ ᠤᠨ ᠠᠭᠤᠯᠠᠴᠢᠳ ᠤᠨ ᠨᠢᠭᠡᠳᠦᠭᠰᠡᠨ ᠬᠣᠯᠪᠣᠭᠠᠨ ᠠᠴᠠ ᠤᠪᠰᠤ ᠠᠶᠢᠮᠠᠭ ᠤᠨ ᠲᠠᠷᠢᠶᠠᠯᠠᠩ ᠰᠤᠮᠤ ᠶᠢᠨ ᠨᠤᠲᠤᠭ ᠲᠤ ︽ᠠᠯᠢᠫᠢᠨᠢᠶᠠᠳ᠋︾ ᠠᠭᠤᠯᠠᠴᠢᠳ ᠤᠨ ᠨᠢᠭᠡᠳᠦᠭᠰᠡᠨ ᠴᠤᠭᠯᠠᠷᠠᠯᠲᠠ ᠶᠢ ᠡᠨᠡ ᠰᠠᠷ᠎ᠠ ᠶᠢᠨ 10 ᠠᠴᠠ ᠡᠬᠢᠯᠡᠨ ᠵᠣᠬᠢᠶᠠᠨ ᠪᠠᠶᠢᠭᠤᠯᠵᠤ ᠪᠠᠶᠢᠨ᠎ᠠ᠃ ᠴᠤᠭᠯᠠᠷᠠᠯᠲᠠ ᠳᠦ ᠮᠣᠩᠭᠣᠯ ᠤᠯᠤᠰ ᠤᠨ ᠥᠨᠴᠥᠭ ᠪᠤᠯᠤᠨ ᠪᠦᠷᠢ ᠡᠴᠡ ᠢᠷᠡᠭᠰᠡᠨ ᠠᠭᠤᠯᠠᠴᠢᠳ ᠬᠠᠷᠬᠢᠷ᠎ᠠ ᠨᠢᠷᠤᠭᠤᠨ ᠤ ᠨᠣᠶᠠᠨ ᠣᠷᠭᠢᠯ ᠪᠣᠯᠬᠤ ᠮᠥᠰᠦᠲᠦ ᠣᠷᠭᠢᠯ ᠳᠤ ᠠᠪᠠᠷᠢᠬᠤ ᠶᠤᠮ ᠪᠠᠶᠢᠨ᠎ᠠ᠃ ᠲᠤᠰ ᠣᠷᠭᠢᠯ ᠨᠢ ᠳᠠᠯᠠᠢ ᠶᠢᠨ ᠲᠦᠪᠰᠢᠨ ᠡᠴᠡ ᠳᠡᠭᠡᠭᠰᠢ 4037 ᠮᠧᠲ᠋ᠷ ᠲᠦ ᠣᠷᠣᠰᠢᠳᠠᠭ ᠃

ᠡᠨᠡ ᠦᠶ᠎ᠡ ᠪᠡᠷ ᠮᠣᠩᠭᠣᠯ ᠤᠯᠤᠰ ᠤᠨ ᠠᠭᠤᠯᠠ ᠶᠢᠨ ᠰᠫᠣᠷᠲ ᠤᠨ ᠴᠣᠯᠠ ᠵᠡᠷᠭᠡ ᠬᠠᠮᠠᠭᠠᠯᠠᠬᠤ ᠪᠠᠭ ᠤᠨ ᠲᠧᠭᠨᠢᠭ ᠦᠨ ᠠᠪᠠᠷᠢᠯᠲᠠ᠂ ︽ᠮᠥᠰᠦᠲᠦ ᠣᠷᠭᠢᠯ-2019︾ ᠰᠺᠠᠶᠢᠷᠠᠨᠢᠩ ᠦᠨ ᠪᠠᠭ ᠤᠨ ᠲᠡᠮᠡᠴᠡᠭᠡᠨ ᠪᠣᠯᠤᠨ  ︽ᠮᠥᠰᠦᠲᠦ ᠣᠷᠭᠢᠯ︾ ᠴᠢᠯᠦᠭᠡᠲᠦ ᠠᠪᠠᠷᠢᠯᠲᠠ ᠵᠡᠷᠭᠡ ᠦᠢᠯᠡ ᠠᠵᠢᠯᠯᠠᠭ᠎ᠠ ᠶᠢ ᠵᠣᠬᠢᠶᠠᠬᠤ ᠪᠥᠭᠡᠳ ᠨᠡᠶᠢᠲᠡ ᠳᠦ ᠪᠡᠨ ᠭᠤᠷᠪᠠᠨ ᠡᠳᠦᠷ ᠦᠨ ᠲᠤᠷᠰᠢ ᠦᠷᠭᠦᠯᠵᠢᠯᠡᠬᠦ ᠶᠤᠮ ᠪᠠᠶᠢᠨ᠎ᠠ᠃ ᠲᠡᠮᠡᠴᠡᠭᠡᠨ ᠳᠦ 17 ᠪᠠᠭ ᠤᠨ 150 ᠭᠠᠷᠤᠢ ᠲᠠᠮᠢᠷᠴᠢᠨ ᠥᠷᠢᠰᠦᠯᠳᠦᠵᠦ ᠪᠠᠶᠢᠭ᠎ᠠ ᠪᠥᠭᠡᠳ ᠤᠪᠰᠤ ᠠᠶᠢᠮᠠᠭ ᠠᠴᠠ ᠠᠭᠤᠯᠠ ᠶᠢᠨ ᠰᠫᠣᠷᠲ ᠤᠨ ᠣᠯᠠᠨ ᠤᠯᠤᠰ ᠤᠨ ᠬᠡᠮᠵᠢᠶᠡᠨ ᠦ ᠮᠠᠰᠲ᠋ᠸᠷ ᠫ∙ᠰᠠᠷᠠᠨᠲᠤᠶᠠᠭ᠎ᠠ ᠳᠠᠰᠬᠠᠯᠵᠢᠭᠤᠯᠤᠭᠴᠢ ᠲᠠᠢ ︽ᠬᠠᠷᠬᠢᠷ᠎ᠠ ᠺᠯᠦ᠋ᠫ︾᠂ ᠲᠠᠷᠢᠶᠠᠯᠠᠩ ᠰᠤᠮᠤ ᠶᠢᠨ ︽ᠬᠠᠷᠬᠢᠷ᠎ᠠ︾ ᠲᠥᠷᠥ ᠶᠢᠨ ᠪᠤᠰᠤ ᠪᠠᠶᠢᠭᠤᠯᠤᠯᠭ᠎ᠠ ᠶᠢᠨ ᠪᠠᠭ ᠲᠠᠮᠢᠷᠴᠢᠳ ᠣᠷᠣᠯᠴᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ