ᠱᠠᠩᠬᠠᠢ ᠳᠤ ᠰᠠᠭᠤᠬᠤ ᠺᠤᠨᠰᠦ᠋ᠯ ᠢᠶᠠᠷ ᠶᠣ᠊∙ᠨᠢᠮᠠᠵᠠᠪ ᠢ ᠲᠤᠮᠢᠯᠠᠨ᠎ᠠ | News.MN

ᠱᠠᠩᠬᠠᠢ ᠳᠤ ᠰᠠᠭᠤᠬᠤ ᠺᠤᠨᠰᠦ᠋ᠯ ᠢᠶᠠᠷ ᠶᠣ᠊∙ᠨᠢᠮᠠᠵᠠᠪ ᠢ ᠲᠤᠮᠢᠯᠠᠨ᠎ᠠ

ᠱᠠᠩᠬᠠᠢ ᠳ᠋ᠡᠬᠢ ᠺᠤᠨᠰᠦ᠋ᠯ ᠤᠨ ᠭᠠᠵᠠᠷ ᠲᠤ ᠤᠯᠤᠰ ᠢᠶᠠᠨ ᠲᠥᠯᠥᠭᠡᠯᠡᠨ ᠰᠠᠭᠤᠬᠤ ᠶᠡᠷᠦᠩᠬᠡᠢ ᠺᠤᠨᠰᠦ᠋ᠯ ᠢᠶᠠᠷ ᠶᠣ᠊∙ᠨᠢᠮᠠᠵᠠᠪ ᠢ ᠲᠤᠮᠢᠯᠠᠬᠤ ᠰᠢᠢᠳᠪᠦᠷᠢ ᠶᠢ ᠬᠣᠯᠪᠣᠭᠳᠠᠬᠤ ᠬᠠᠤᠯᠢ ᠶᠢᠨ ᠳᠠᠭᠠᠤ ᠥᠩᠭᠡᠷᠡᠭᠰᠡᠨ ᠳᠥᠷᠪᠡᠳᠦᠭᠡᠷ ᠰᠠᠷ᠎ᠠ ᠳᠤ ᠵᠠᠰᠠᠭ ᠤᠨ ᠭᠠᠵᠠᠷ ᠠᠴᠠ ᠭᠠᠷᠭᠠᠵᠠᠢ᠃ ᠨᠡᠷ᠎ᠡ ᠳᠡᠪᠰᠢᠭᠴᠢ ᠶᠢ ᠲᠤᠮᠢᠯᠠᠬᠤ ᠡᠰᠡᠬᠦ ᠲᠤᠬᠠᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠠᠴᠠ ᠰᠠᠨᠠᠯ ᠠᠪᠳᠠᠭ ᠪᠠᠶᠢᠨ᠎ᠠ᠃ ᠡᠨᠡ ᠳᠠᠭᠠᠤ  ᠭᠠᠳᠠᠭᠠᠳᠤ ᠬᠠᠷᠢᠯᠴᠠᠭᠠᠨ ᠤ ᠶᠠᠮᠤᠨ ᠠᠴᠠ ᠮᠠᠲ᠋ᠧᠷᠢᠶᠠᠯ ᠢ ᠨᠢ ᠢᠯᠡᠭᠡᠭᠰᠡᠨ ᠪᠥᠭᠡᠳ ᠶᠡᠷᠦᠩᠬᠡᠢ ᠺᠤᠨᠰᠦ᠋ᠯ ᠢᠶᠠᠷ ᠶᠣ᠊ ∙ ᠨᠢᠮᠠᠵᠠᠪ ᠢ ᠲᠣᠮᠢᠯᠠᠬᠤ ᠶᠢ ᠵᠥᠪᠰᠢᠶᠡᠷᠡᠭᠰᠡᠨ ᠬᠠᠷᠢᠭᠤ ᠢᠷᠡᠭᠦᠯᠵᠡᠢ᠃  ᠶᠣ᠊∙ᠨᠢᠮᠠᠵᠠᠪ ᠨᠢ ᠬᠦᠮᠦᠯᠢᠭ ᠦᠨ ᠤᠬᠠᠭᠠᠨ ᠤ ᠶᠡᠬᠡ ᠰᠤᠷᠭᠠᠭᠤᠯᠢ ᠶᠢ ᠲᠡᠭᠦᠰᠦᠭᠰᠡᠨ᠃ ᠮᠥᠨ ᠬᠢᠲᠠᠳ  ᠲᠤ ᠪᠣᠯᠪᠠᠰᠤᠷᠠᠯ ᠡᠵᠡᠮᠰᠢᠭᠰᠡᠨ᠃ 2001 ᠣᠨ ᠤ ᠮᠣᠩᠭᠣᠯ ᠤᠨ ᠰᠠᠶᠢᠬᠠᠨ ᠪᠦᠰᠡᠭᠦᠢ ᠪᠡᠷ ᠲᠣᠳᠣᠷᠠᠵᠤ ᠪᠠᠶᠢᠭᠰᠠᠨ ᠶᠤᠮ᠃
ᠱᠠᠩᠬᠠᠢ ᠳᠤ ᠶᠡᠷᠦᠩᠬᠡᠢ ᠺᠤᠨᠰᠦ᠋ᠯ  ᠤᠨ ᠭᠠᠵᠠᠷ ᠨᠡᠭᠡᠭᠡᠭᠰᠡᠨ ᠢᠶᠡᠷ ᠲᠤᠰ ᠬᠣᠲᠠ ᠠᠴᠠ ᠭᠠᠳᠠᠨ᠎ᠠ ᠬᠢᠲᠠᠳ ᠤᠨ ᠵᠡᠭᠦᠨ ᠪᠣᠯᠤᠨ ᠵᠡᠭᠦᠨ ᠡᠮᠦᠨᠡᠲᠦ ᠬᠡᠰᠡᠭ ᠦᠨ ᠭᠤᠸᠠᠩᠳᠦ᠋ᠩ᠂ ᠹᠦᠵᠢᠶᠠᠨ᠂ ᠵᠸᠵᠢᠶᠠᠩ᠂ ᠠᠨᠬᠤᠢ᠂ ᠵᠢᠶᠠᠩᠰᠤ ᠵᠡᠷᠭᠡ ᠲᠠᠪᠤᠨ ᠮᠤᠵᠢ ᠳᠤ ᠠᠵᠢᠯᠯᠠᠵᠤ᠂ ᠠᠮᠢᠳᠤᠷᠠᠵᠤ᠂ ᠰᠤᠷᠤᠯᠴᠠᠵᠤ ᠪᠤᠢ ᠮᠣᠩᠭᠣᠯ ᠢᠷᠭᠡᠳ ᠢ ᠬᠠᠷᠢᠶᠠᠯᠠᠭᠤᠯᠬᠤ ᠠᠵᠤ᠃ 700 ᠣᠷᠴᠢᠮ ᠮᠣᠩᠭᠣᠯ ᠣᠶᠤᠲᠠᠨ ᠱᠠᠩᠬᠠᠢ ᠳᠤ ᠰᠤᠷᠤᠯᠴᠠᠳᠠᠭ ᠪᠠᠶᠢᠨ᠎ᠠ᠃ ᠲᠡᠭᠦᠨᠴᠢᠯᠡᠨ ᠮᠣᠩᠭᠣᠯ ᠤᠯᠤᠰ ᠢ ᠰᠤᠷᠲᠠᠯᠴᠢᠯᠠᠨ ᠲᠠᠨᠢᠭᠤᠯᠬᠤ᠂ ᠬᠥᠷᠥᠩᠭᠡ ᠣᠷᠣᠭᠤᠯᠤᠯᠲᠠ ᠲᠠᠲᠠᠬᠤ ᠵᠣᠷᠢᠯᠭ᠎ᠠ ᠪᠠᠷ ᠰᠤᠶᠤᠯ᠂ ᠤᠷᠠᠯᠢᠭ᠂ ᠬᠦᠮᠦᠯᠢᠭ ᠦᠨ ᠠᠷᠭ᠎ᠠ ᠬᠡᠮᠵᠢᠶ᠎ᠡ ᠲᠣᠭᠲᠠᠮᠠᠯ ᠵᠣᠬᠢᠶᠠᠨ ᠪᠠᠶᠢᠭᠤᠯᠬᠤ᠂ ᠣᠯᠠᠨ ᠤᠯᠤᠰ ᠤᠨ ᠠᠷᠭ᠎ᠠ ᠬᠡᠮᠵᠢᠶᠡᠨ ᠳᠦ ᠢᠳᠡᠪᠬᠢᠲᠡᠢ ᠤᠷᠤᠯᠴᠠᠬᠤ᠂ ᠱᠠᠩᠬᠠᠢ ᠶᠢᠨ ᠪᠠᠩᠬᠢ᠂ ᠰᠠᠩᠬᠦᠦ᠂ ᠬᠥᠷᠥᠩᠭᠡ ᠶᠢᠨ ᠪᠢᠷᠵᠢ ᠶᠢᠨ ᠦᠢᠯᠡ ᠠᠵᠢᠯᠯᠠᠭ᠎ᠠ ᠶᠢ ᠰᠠᠶᠢᠲᠤᠷ ᠰᠤᠳᠤᠯᠵᠤ᠂ ᠳᠣᠲᠣᠭᠠᠳᠤ ᠶᠢᠨ ᠺᠣᠮᠫᠠᠨᠢ᠂ ᠠᠵᠤ ᠠᠬᠤᠢ ᠶᠢᠨ ᠨᠢᠭᠡᠴᠡ ᠨᠦᠭᠦᠳ ᠲᠦ ᠣᠯᠠᠨ ᠤᠯᠤᠰ ᠤᠨ ᠵᠠᠬ᠎ᠠ ᠵᠡᠭᠡᠯᠢ ᠳᠦ ᠬᠤᠪᠢᠴᠠᠭ᠎ᠠ᠂ IPO ᠭᠠᠷᠭᠠᠬᠤ ᠳᠤ ᠳᠡᠮᠵᠢᠯᠭᠡ ᠦᠵᠡᠭᠦᠯᠬᠦ᠂ ᠳᠠᠯᠠᠢ ᠳᠤ ᠭᠠᠷᠬᠤ᠂ ᠳᠠᠮᠵᠢᠨ ᠥᠩᠭᠡᠷᠡᠬᠦ ᠲᠡᠭᠡᠭᠡᠪᠦᠷᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠳᠦ ᠶᠡᠷᠦᠩᠬᠡᠢ ᠺᠤᠨᠰᠦ᠋ᠯ  ᠤᠨ ᠭᠠᠵᠠᠷ ᠴᠢᠬᠤᠯᠠ ᠡᠭᠦᠷᠭᠡ ᠭᠦᠢᠴᠡᠳᠭᠡᠨ᠎ᠡ ᠭᠡᠵᠦ ᠲᠣᠭᠲᠠᠭᠠᠯ ᠳᠤ ᠵᠢᠭᠠᠵᠠᠢ᠃

ᠰᠡᠳᠬᠢᠭᠳᠡᠯ ᠦᠯᠡᠳᠡᠭᠡᠬᠦ