ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠲᠠᠯ᠎ᠠ ᠪᠠᠷ ᠰᠢᠢᠳᠪᠦᠷᠢ ᠭᠠᠷᠭᠠᠯ᠎ᠠ  | News.MN

ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠲᠠᠯ᠎ᠠ ᠪᠠᠷ ᠰᠢᠢᠳᠪᠦᠷᠢ ᠭᠠᠷᠭᠠᠯ᠎ᠠ 

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠢᠶᠠᠷ ᠲᠠᠪᠤᠨᠲᠣᠯᠣᠭᠠᠢ – ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠰᠠᠭᠤᠷᠢ ᠪᠦᠲᠦᠴᠡ ᠶᠢᠨ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ︽ᠮᠣᠩᠭᠣᠯ ᠤᠨ ᠲᠡᠮᠦᠷ ᠵᠠᠮ︾ ᠺᠣᠮᠫᠠᠨᠢ ᠳᠦ ᠤᠯᠭᠤᠵᠤ᠂ ᠡᠷᠴᠢᠮ ᠬᠦᠴᠦ᠂ ᠳᠣᠬᠢᠶᠠᠯᠠᠯ᠂ ᠬᠣᠯᠪᠣᠭ᠎ᠠ᠂ ᠥᠷᠲᠡᠭᠡ᠂ ᠵᠥᠷᠢᠯᠭᠡ ᠶᠢᠨ ᠪᠠᠷᠢᠯᠭ᠎ᠠ ᠪᠠᠶᠢᠭᠤᠯᠤᠮᠵᠢ ᠶᠢᠨ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ᠵᠣᠬᠢᠬᠤ ᠵᠢᠷᠤᠮ ᠤᠨ ᠳᠠᠭᠠᠤ ᠰᠢᠭᠤᠷᠬᠠᠢ ᠣᠯᠭᠤᠵᠤ ᠪᠠᠶᠢᠬᠤ ᠶᠢ ᠬᠣᠯᠪᠣᠭᠳᠠᠬᠤ ᠰᠠᠶᠢᠳ᠂ ᠠᠶᠢᠮᠠᠭ ᠤᠨ ᠵᠠᠰᠠᠭ ᠳᠠᠷᠤᠭ᠎ᠠ ᠨᠠᠷ ᠲᠤ ᠡᠭᠦᠷᠭᠡ ᠪᠣᠯᠭᠠᠯ᠎ᠠ᠃
ᠮᠥᠨ ᠲᠤᠰ ᠬᠤᠷᠠᠯᠳᠤᠭᠠᠨ ᠢᠶᠠᠷ ᠲᠠᠪᠤᠨᠲᠣᠯᠣᠭᠠᠢ ᠶᠢᠨ ᠠᠭᠤᠷᠬᠠᠢ ᠠᠴᠠ ᠳᠣᠷᠣᠨᠠᠭᠣᠪᠢ ᠠᠶᠢᠮᠠᠭ ᠤᠨ ᠰᠠᠶᠢᠨᠱᠠᠩᠳᠠ ᠰᠤᠮᠤ ᠶᠢᠨ ᠵᠡᠭᠦᠨᠪᠠᠶᠠᠨ ᠪᠠᠭ ᠬᠦᠷᠲᠡᠯ᠎ᠡ ᠪᠠᠷᠢᠵᠤ ᠪᠠᠶᠢᠭᠤᠯᠬᠤ ᠲᠡᠮᠦᠷ ᠵᠠᠮ ᠤᠨ ᠱᠤᠭᠤᠮ ᠤᠨ ᠴᠢᠭ ᠢ ᠪᠠᠲᠤᠯᠠᠯ᠎ᠠ᠃
ᠲᠠᠪᠤᠨᠲᠣᠯᠣᠭᠠᠢ ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠲᠥᠰᠥᠯ ᠨᠢ ᠡᠮᠦᠨᠡᠭᠣᠪᠢ ᠠᠶᠢᠮᠠᠭ ᠤᠨ ᠴᠣᠭᠲᠤᠴᠡᠴᠡᠢ ᠰᠤᠮᠤ ᠶᠢᠨ ᠲᠠᠪᠤᠨᠲᠣᠯᠣᠭᠠᠢ ᠨᠡᠭᠦᠷᠡᠰᠦᠨ ᠦ ᠣᠷᠳᠣ ᠭᠠᠵᠠᠷ ᠠᠴᠠ ︽ᠤᠯᠠᠭᠠᠨᠪᠠᠭᠠᠲᠤᠷ ᠤᠨ ᠲᠡᠮᠦᠷ ᠵᠠᠮ︾ ᠦᠨ ᠵᠡᠭᠦᠨᠪᠠᠶᠠᠨ ᠥᠷᠲᠡᠭᠡ ᠬᠦᠷᠲᠡᠯ᠎ᠡ ᠨᠡᠶᠢᠲᠡ 414.6 ᠺᠢᠯᠣᠮᠧᠲ᠋ᠷ ᠪᠥᠭᠡᠳ ᠠᠭᠤᠯᠠ ᠠᠭᠤᠷᠬᠠᠢ᠂ ᠠᠵᠤ ᠦᠢᠯᠡᠳᠪᠦᠷᠢ ᠶᠢᠨ ᠪᠦᠲᠦᠭᠡᠭᠳᠡᠬᠦᠨ ᠦ ᠲᠡᠭᠡᠭᠡᠪᠦᠷᠢᠯᠡᠯᠲᠡ᠂ ᠡᠺᠰᠫᠣᠷᠲ ᠢ ᠨᠡᠮᠡᠭᠳᠡᠭᠦᠯᠵᠦ ᠪᠥᠰᠡ ᠨᠤᠲᠤᠭ ᠤᠨ ᠨᠡᠶᠢᠭᠡᠮ᠂ ᠡᠳ᠋  ᠦᠨ ᠵᠠᠰᠠᠭ ᠤᠨ ᠬᠥᠭᠵᠢᠯ ᠢ ᠳᠡᠮᠵᠢᠬᠦ ᠵᠣᠷᠢᠯᠭ᠎ᠠ ᠲᠠᠢ ᠶᠤᠮ᠃

ᠰᠡᠳᠬᠢᠭᠳᠡᠯ ᠦᠯᠡᠳᠡᠭᠡᠬᠦ