ᠪᠠᠶᠢᠭᠠᠯᠢ ᠳᠤ ᠡᠭᠡᠯᠢᠲᠡᠢ ᠨᠤᠯᠤᠤᠷ ᠤᠨ ᠦᠢᠯᠡᠳᠪᠦᠷᠢᠯᠡᠯ ᠢ  ᠳᠡᠮᠵᠢᠨ᠎ᠡ | News.MN

ᠪᠠᠶᠢᠭᠠᠯᠢ ᠳᠤ ᠡᠭᠡᠯᠢᠲᠡᠢ ᠨᠤᠯᠤᠤᠷ ᠤᠨ ᠦᠢᠯᠡᠳᠪᠦᠷᠢᠯᠡᠯ ᠢ  ᠳᠡᠮᠵᠢᠨ᠎ᠡ

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠥᠭᠵᠢᠯ ᠦᠨ ᠬᠥᠲᠥᠯᠪᠦᠷᠢ ᠶᠢᠨ ᠰᠠᠨᠠᠭᠠᠴᠢᠯᠠᠭ᠎ᠠ ᠪᠠᠷ  ᠬᠦᠳᠡᠭᠡ ᠠᠵᠤ ᠠᠬᠤᠢ ᠶᠢᠨ ᠪᠦᠲᠦᠭᠡᠭᠳᠡᠬᠦᠨ ᠦ ᠨᠣᠭᠣᠭᠠᠨ ᠦᠢᠯᠡᠳᠪᠦᠷᠢᠯᠡᠯ ᠢ ᠳᠡᠮᠵᠢᠬᠦ ᠬᠥᠲᠥᠯᠪᠦᠷᠢ᠂ ᠬᠦᠨᠡᠰᠦ᠂ ᠬᠥᠳᠡᠭᠡ ᠠᠵᠤ ᠠᠬᠤᠢ ᠬᠥᠩᠭᠡᠨ ᠦᠢᠯᠡᠳᠪᠦᠷᠢ ᠶᠢᠨ ᠶᠠᠮᠤᠨ ᠤ ᠳᠡᠮᠵᠢᠯᠭᠡ ᠲᠡᠢ ᠪᠡᠷ ᠮᠣᠩᠭᠣᠯ ᠤᠯᠤᠰ ᠲᠤ ᠪᠠᠶᠢᠭᠠᠯᠢ ᠤᠷᠴᠢᠨ ᠳᠤ ᠡᠭᠡᠯᠢᠲᠡᠢ ᠨᠤᠯᠤᠤᠷ ᠤᠨ ᠦᠢᠯᠡᠳᠪᠦᠷᠢᠯᠡᠯ ᠢ ᠳᠡᠮᠵᠢᠬᠦ ᠲᠣᠭᠲᠠᠯᠴᠠᠭᠠᠨ ᠤ ᠥᠭᠡᠷᠡᠴᠢᠯᠡᠯᠲᠡ ᠰᠡᠳᠦᠪᠲᠦ ᠬᠡᠯᠡᠯᠴᠡᠭᠦᠯᠭᠡ ᠪᠣᠯᠤᠯ᠎ᠠ᠃  ᠳᠡᠯᠡᠬᠡᠢ ᠳ᠋ᠠᠬᠢᠨ ᠳᠦ ᠨᠤᠯᠤᠤᠷ ᠤᠨ ᠮᠠᠰᠰ ᠦᠢᠯᠡᠳᠪᠦᠷᠢᠯᠡᠯ ᠠᠴᠠ ᠲᠠᠲᠠᠭᠠᠯᠵᠠᠵᠤ᠂ ᠪᠦᠲᠦᠭᠡᠭᠳᠡᠬᠦᠨ ᠬᠢᠭᠳᠡᠬᠦ ᠶᠠᠪᠤᠴᠠ ᠳᠤ ᠪᠠᠶᠢᠭᠠᠯᠢ ᠣᠷᠴᠢᠨ᠂ ᠠᠮᠢᠲᠠᠨ᠂ ᠦᠢᠯᠡᠳᠪᠦᠷᠢᠯᠡᠭᠴᠢ ᠶᠢᠨ ᠠᠮᠢᠵᠢᠷᠠᠭ᠎ᠠ ᠵᠡᠷᠭᠡ ᠠᠰᠠᠭᠤᠳᠠᠯ ᠢ ᠴᠣᠭᠴᠠ ᠪᠠᠷ ᠨᠢ ᠬᠠᠷᠠᠭᠠᠯᠵᠠᠬᠤ ᠪᠣᠯᠤᠭᠰᠠᠨ ᠡᠨᠡ ᠴᠠᠭ ᠦᠶ᠎ᠡ ᠳᠦ ᠣᠯᠠᠨ ᠵᠠᠭᠤᠨ ᠵᠢᠯ ᠢᠶᠡᠷ ᠪᠠᠶᠢᠭᠠᠯᠢ ᠣᠷᠴᠢᠨ ᠬᠢᠭᠡᠳ ᠲᠠᠪᠤᠨ ᠬᠣᠰᠢᠭᠤ ᠮᠠᠯ ᠳᠤ ᠡᠭᠡᠯᠢᠲᠡᠢ ᠪᠡᠷ ᠵᠠᠮᠨᠠᠵᠤ ᠢᠷᠡᠭᠰᠡᠨ ᠤᠯᠠᠮᠵᠢᠯᠠᠯᠲᠤ ᠮᠠᠯ ᠠᠬᠤᠢ ᠶᠢᠨ ᠦᠨ᠎ᠡ  ᠴᠡᠨ᠎ᠡ ᠶᠢ ᠳᠡᠯᠡᠬᠡᠢ ᠳᠦ ᠲᠠᠨᠢᠭᠤᠯᠬᠤ ᠪᠣᠯᠤᠮᠵᠢ ᠨᠢ ᠤᠭ ᠬᠡᠯᠡᠯᠴᠡᠭᠦᠯᠭᠡ ᠶᠤᠮ ᠭᠡᠳᠡᠭ ᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠮᠤᠩᠭᠤᠯ ᠳ᠋ᠡᠬᠢ ᠲᠦᠯᠦᠭᠡᠯᠡᠭᠴᠢ ᠬᠠᠲᠤᠭᠲᠠᠢ ᠲᠷᠠᠩᠺᠮᠠᠨ ᠬᠡᠯᠡᠭᠰᠡᠨ ᠦᠭᠡᠨ ᠳᠦ ᠪᠡᠨ ᠣᠨᠴᠠᠯᠠᠵᠤ ᠪᠠᠶᠢᠯ᠎ᠠ᠃
ᠬᠡᠯᠡᠯᠴᠡᠭᠦᠯᠭᠡ ᠶᠢᠨ ᠦᠷ᠎ᠡ ᠳ᠋ᠦᠩ ᠳᠦ ᠮᠣᠩᠭᠣᠯ ᠤᠯᠤᠰ ᠲᠤ ᠪᠠᠶᠢᠭᠠᠯᠢ ᠤᠷᠴᠢᠨ ᠳᠤ ᠡᠭᠡᠯᠢᠲᠡᠢ ᠨᠤᠯᠤᠤᠷ ᠤᠨ ᠦᠢᠯᠡᠳᠪᠦᠷᠢᠯᠡᠯ ᠢ ᠬᠥᠭᠵᠢᠭᠦᠯᠬᠦ ᠵᠣᠷᠢᠯᠭ᠎ᠠ ᠶᠢᠨ ᠬᠦᠷᠢᠶᠡᠨ ᠳᠦ ᠪᠦᠬᠦ ᠲᠠᠯ᠎ᠠ ᠨᠤᠭᠤᠳ ᠬᠠᠮᠲᠤᠷᠠᠨ ᠨᠡᠩ ᠲᠡᠷᠢᠭᠦᠨ ᠳᠦ ᠠᠪᠴᠤ ᠬᠡᠷᠡᠭᠵᠢᠭᠦᠯᠬᠦ ᠱᠠᠭᠠᠷᠳᠠᠯᠭ᠎ᠠ ᠲᠠᠢ ᠦᠢᠯᠡ ᠠᠵᠢᠯᠯᠠᠭᠠᠨ ᠤ ᠴᠢᠭᠯᠡᠯ ᠢᠶᠡᠨ ᠲᠣᠳᠣᠷᠬᠠᠶᠢᠯᠠᠵᠤ᠂ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠴᠢᠭᠯᠡᠯ ᠢᠶᠡᠷ ᠣᠷᠣᠯᠴᠠᠭᠴᠢ ᠲᠤᠰ ᠪᠦᠷᠢ ᠣᠶᠢᠷ᠎ᠠ ᠶᠢᠨ ᠪᠣᠯᠤᠨ ᠳᠤᠮᠳᠠ ᠬᠤᠭᠤᠴᠠᠭᠠᠨ ᠳᠤ ᠭᠦᠢᠴᠡᠳᠭᠡᠬᠦ ᠡᠭᠦᠷᠭᠡ ᠪᠡᠨ ᠲᠣᠳᠣᠷᠬᠠᠶᠢᠯᠠᠭᠰᠠᠨ ᠪᠠᠶᠢᠨ᠎ᠠ᠃ ᠬᠡᠯᠡᠯᠴᠡᠭᠦᠯᠭᠡ ᠡᠴᠡ ᠭᠠᠷᠤᠭᠰᠠᠨ ᠰᠠᠨᠠᠯ ᠵᠥᠪᠯᠡᠮᠵᠢ ᠳᠡᠭᠡᠷ᠎ᠡ ᠦᠨᠳᠦᠰᠦᠯᠡᠨ ᠮᠣᠩᠭᠣᠯ ᠤᠯᠤᠰ ᠲᠤ ᠪᠠᠶᠢᠭᠠᠯᠢ ᠤᠷᠴᠢᠨ ᠳᠤ ᠡᠭᠡᠯᠢᠲᠡᠢ ᠨᠤᠯᠤᠤᠷ ᠦᠢᠯᠡᠳᠪᠦᠷᠢᠯᠡᠯ ᠦᠨ ᠴᠢᠭᠯᠡᠯ ᠢᠶᠡᠷ ᠣᠶᠢᠷ᠎ᠠ ᠶᠢᠨ ᠪᠣᠯᠤᠨ ᠳᠤᠮᠳᠠ ᠬᠤᠭᠤᠴᠠᠭᠠᠨ ᠳᠤ ᠠᠪᠴᠤ ᠬᠡᠷᠡᠭᠵᠢᠭᠦᠯᠬᠦ  ᠲᠠᠯ᠎ᠠ ᠨᠤᠭᠤᠳ ᠤᠨ ᠬᠠᠮᠲᠤ ᠶᠢᠨ ᠠᠵᠢᠯᠯᠠᠭᠠᠨ ᠤ ᠴᠢᠭᠯᠡᠯ ᠢ ᠲᠣᠳᠣᠷᠬᠠᠶᠢᠯᠠᠭᠰᠠᠨ ᠵᠠᠮ ᠤᠨ ᠵᠢᠷᠤᠭ ᠤᠨ ᠲᠥᠰᠥᠯ ᠢ ᠨᠢᠭᠡ ᠰᠠᠷ᠎ᠠ ᠶᠢᠨ ᠳᠣᠲᠣᠷ᠎ᠠ ᠪᠣᠯᠪᠠᠰᠤᠷᠠᠭᠤᠯᠵᠤ ᠭᠠᠷᠭᠠᠬᠤ ᠶᠤᠮ᠃

ᠰᠡᠳᠬᠢᠭᠳᠡᠯ ᠦᠯᠡᠳᠡᠭᠡᠬᠦ