ᠡᠺᠣ ᠵᠢᠭᠤᠯᠴᠢᠯᠠᠯ ᠢ ᠬᠥᠭᠵᠢᠭᠦᠯᠬᠦ ᠭᠡᠷ᠎ᠡ ᠳᠦ ᠭᠠᠷ ᠤᠨ ᠦᠰᠦᠭ ᠵᠢᠷᠤᠯ᠎ᠠ  | News.MN

ᠡᠺᠣ ᠵᠢᠭᠤᠯᠴᠢᠯᠠᠯ ᠢ ᠬᠥᠭᠵᠢᠭᠦᠯᠬᠦ ᠭᠡᠷ᠎ᠡ ᠳᠦ ᠭᠠᠷ ᠤᠨ ᠦᠰᠦᠭ ᠵᠢᠷᠤᠯ᠎ᠠ 

ᠠᠽᠢᠶ᠎ᠠ ᠶᠢᠨ ᠬᠦᠭᠵᠢᠯ ᠦᠨ ᠪᠠᠩᠭᠢ ᠠᠴᠠ ᠬᠥᠪᠰᠥᠭᠥᠯ ᠨᠠᠭᠤᠷ᠂ ᠣᠨᠣᠨ ᠪᠠᠯᠵᠢ ᠶᠢᠨ  ᠪᠠᠶᠢᠭᠠᠯᠢ ᠶᠢᠨ ᠴᠣᠭᠴᠠᠯᠠᠪᠤᠷᠢ ᠭᠠᠵᠠᠷ ᠲᠤ ᠠᠶᠠᠯᠠᠯ ᠵᠢᠭᠤᠯᠴᠢᠯᠠᠯ ᠬᠥᠭᠵᠢᠭᠦᠯᠬᠦ ᠳᠦ ᠵᠣᠷᠢᠭᠤᠯᠵᠤ 38 ᠰᠠᠶ᠎ᠠ ᠳ᠋ᠣᠯᠯᠠᠷ ᠤᠨ ᠵᠢᠭᠡᠯᠡ ᠣᠯᠭᠤᠬᠤ ᠪᠠᠷ ᠪᠣᠯᠤᠭᠰᠠᠨ ᠲᠠᠯ᠎ᠠ ᠪᠠᠷ ᠮᠠᠨ ᠤ ᠠᠭᠧᠨᠲᠯᠢᠭ ᠡᠮᠦᠨ᠎ᠡ ᠨᠢ ᠮᠡᠳᠡᠭᠡᠯᠡᠭᠰᠡᠨ᠃ ᠥᠨᠥᠳᠥᠷ ᠳᠡᠭᠡᠷᠡᠬᠢ ᠵᠢᠭᠡᠯᠡ ᠶᠢᠨ ᠬᠡᠯᠡᠯᠴᠡᠭᠡᠷ ᠲᠦ ᠮᠣᠩᠭᠣᠯ ᠤᠯᠤᠰ ᠤᠨ ᠵᠠᠰᠠᠭ ᠤᠨ ᠭᠠᠵᠠᠷ ᠢ ᠲᠥᠯᠦᠭᠡᠯᠡᠵᠦ ᠰᠠᠩ ᠤᠨ ᠰᠠᠶᠢᠳ ᠴ∙ᠬᠦᠷᠡᠯᠪᠠᠭᠠᠲᠤᠷ᠂ ᠠᠽᠢᠶ᠎ᠠ ᠶᠢᠨ ᠬᠦᠭᠵᠢᠯ ᠦᠨ ᠪᠠᠩᠭᠢ ᠶᠢ ᠲᠥᠯᠦᠭᠡᠯᠡᠵᠦ ᠮᠣᠩᠭᠣᠯ ᠤᠯᠤᠰ ᠳᠠᠬᠢ ᠲᠤᠰ ᠪᠠᠩᠬᠢᠨ ᠤ ᠰᠠᠭᠤᠷᠢᠨ ᠲᠥᠯᠥᠭᠡᠯᠡᠭᠴᠢ ᠨᠠᠷ ᠭᠠᠷ ᠤᠨ ᠦᠰᠦᠭ ᠵᠢᠷᠤᠯ᠎ᠠ᠃

ᠡᠺᠣ ᠠᠶᠠᠯᠠᠯ ᠵᠢᠭᠤᠯᠴᠢᠯᠠᠯ ᠢ ᠬᠥᠭᠵᠢᠭᠦᠯᠬᠦ ᠵᠣᠷᠢᠯᠭ᠎ᠠ ᠲᠠᠢ ᠡᠨᠡᠬᠦ ᠲᠥᠰᠥᠯ ᠨᠢ ᠳᠠᠷᠬᠠᠨ ᠴᠠᠭᠠᠵᠠ ᠲᠠᠢ ᠭᠠᠵᠠᠷ ᠲᠤ ᠠᠶᠠᠯᠠᠯ ᠵᠢᠭᠤᠯᠴᠢᠯᠠᠯ ᠬᠥᠭᠵᠢᠭᠦᠯᠬᠦ ᠴᠢᠭᠯᠡᠯ ᠢᠶᠡᠷ ᠠᠽᠢᠶ᠎ᠠ ᠶᠢᠨ ᠬᠦᠭᠵᠢᠯ ᠦᠨ ᠪᠠᠩᠭᠢ ᠠᠴᠠ ᠮᠠᠨ ᠤ ᠤᠯᠤᠰ ᠲᠤ ᠣᠯᠭᠤᠵᠤ ᠪᠤᠢ ᠠᠩᠬᠠᠨ ᠤ ᠵᠢᠭᠡᠯᠡ ᠶᠢᠨ ᠰᠠᠩᠬᠦᠦᠵᠢᠯᠲᠡ ᠶᠤᠮ᠃ ᠮᠥᠨ ᠡᠨᠡᠬᠦ ᠰᠠᠩᠬᠦᠦᠵᠢᠯᠲᠡ ᠨᠢ ᠡᠳ᠋ ᠍ ᠦᠨ ᠵᠠᠰᠠᠭ ᠢ ᠲᠥᠷᠦᠯᠵᠢᠭᠦᠯᠬᠦ᠂ ᠠᠭᠤᠷ ᠠᠮᠢᠰᠬᠤᠯ ᠤᠨ ᠦᠭᠡᠷᠡᠴᠢᠯᠡᠯᠲᠡ ᠳᠦ ᠲᠡᠰᠪᠦᠷᠢᠲᠡᠢ ᠳᠡᠳ᠋ ᠪᠦᠲᠦᠴᠡ ᠶᠢ ᠪᠤᠢ ᠪᠣᠯᠭᠠᠬᠤ᠂ ᠪᠠᠶᠢᠭᠠᠯᠢ ᠤᠷᠴᠢᠨ ᠢ ᠬᠠᠮᠠᠭᠠᠯᠠᠬᠤ᠂ ᠣᠷᠣᠨ ᠨᠤᠲᠤᠭ ᠤᠨ ᠢᠷᠭᠡᠳ ᠦᠨ ᠡᠳ᠋ ᠍ ᠦᠨ ᠵᠠᠰᠠᠭ ᠤᠨ ᠪᠣᠯᠤᠮᠵᠢ ᠶᠢ ᠨᠡᠮᠡᠭᠳᠡᠭᠦᠯᠬᠦ ᠳᠦ ᠴᠢᠭᠯᠡᠭᠰᠡᠨ ᠵᠠᠰᠠᠭ ᠤᠨ ᠭᠠᠵᠠᠷ ᠤᠨ ᠪᠣᠳᠣᠯᠭ᠎ᠠ᠂ ᠦᠢᠯᠡ  ᠠᠵᠢᠯᠯᠠᠭ᠎ᠠ ᠲᠠᠢ ᠤᠶᠠᠯᠳᠤᠵᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ