ᠣᠯᠠᠨ ᠤᠯᠤᠰ ᠤᠨ ᠨᠠᠭᠠᠳᠤᠮ ᠲᠦᠪ ᠲᠠᠯᠠᠪᠠᠢ ᠳᠤ ᠪᠣᠯᠵᠤ ᠪᠠᠶᠢᠨ᠎ᠠ  | News.MN

ᠣᠯᠠᠨ ᠤᠯᠤᠰ ᠤᠨ ᠨᠠᠭᠠᠳᠤᠮ ᠲᠦᠪ ᠲᠠᠯᠠᠪᠠᠢ ᠳᠤ ᠪᠣᠯᠵᠤ ᠪᠠᠶᠢᠨ᠎ᠠ 

ᠮᠣᠩᠭᠣᠯ ᠤᠯᠤᠰ ᠤᠨ ᠶᠡᠷᠦᠩᠬᠡᠢ ᠰᠠᠶᠢᠳ ᠤ᠊∙ᠬᠦᠷᠡᠯᠰᠦ᠋ᠬᠡ ᠶᠢᠨ ᠢᠪᠡᠭᠡᠯ ᠳᠣᠣᠷ᠎ᠠ ᠣᠯᠠᠨ ᠤᠯᠤᠰ ᠤᠨ ᠠᠷᠠᠳ ᠤᠨ ᠤᠷᠠᠯᠢᠭ ᠤᠨ ᠶᠡᠬᠡ ᠨᠠᠭᠠᠳᠤᠮ ᠤᠯᠠᠭᠠᠨᠪᠠᠭᠠᠲᠤᠷ ᠬᠤᠲᠠ ᠳᠤ ᠡᠨᠡ ᠰᠠᠷ᠎ᠠ ᠶᠢᠨ 12-16 ᠍ ᠤ ᠡᠳᠦᠷ ᠦᠳ ᠲᠦ ᠪᠣᠯᠵᠤ ᠪᠠᠶᠢᠨ᠎ᠠ᠃ ᠠᠷᠠᠳ ᠤᠨ ᠳᠠᠭᠤᠤ᠂ ᠠᠷᠠᠳ ᠤᠨ ᠪᠦᠵᠢᠭ᠂ ᠠᠷᠠᠳ ᠤᠨ ᠬᠦᠭᠵᠢᠮ᠂ ᠵᠠᠩ ᠦᠢᠯᠡ ᠶᠢᠨ ᠴᠢᠭᠤᠯᠭ᠎ᠠ ᠶᠢᠨ ᠰᠢᠯᠭᠠᠷᠠᠭᠤᠯᠤᠯᠲᠠ ᠶᠠᠪᠤᠭᠳᠠᠵᠤ ᠪᠠᠶᠢᠨ᠎ᠠ᠃ ᠮᠥᠨ ᠭᠠᠳᠠᠭᠠᠳᠤ ᠣᠷᠣᠨ ᠨᠤᠭᠤᠳ ᠤᠨ ᠤᠷᠤᠯᠴᠠᠭᠰᠠᠳ ᠤᠨ ᠰᠢᠯᠭᠠᠷᠠᠭᠤᠯᠤᠯᠲᠠ ᠰᠤᠶᠤᠯ ᠤᠨ ᠲᠥᠪ ᠥᠷᠭᠦᠭᠡᠨ ᠦ ᠺᠣᠨᠼᠧᠷᠲ ᠤᠨ ᠲᠠᠩᠬᠢᠮ ᠳᠤ ᠪᠣᠯᠬᠤ ᠶᠤᠮ᠃ ᠲᠡᠭᠦᠨᠴᠢᠯᠡᠨ ᠶᠡᠬᠡ ᠨᠠᠭᠠᠳᠤᠮ ᠤᠨ ᠬᠦᠷᠢᠶᠡᠨ ᠳᠦ  ︽ᠰᠤᠶᠤᠯ ᠤᠷᠠᠯᠢᠭ-ᠦᠨᠳᠦᠰᠦᠨ ᠦ ᠳᠠᠷᠬᠠᠯᠠᠭ᠎ᠠ ︾ ᠬᠦᠨᠳᠦᠳᠬᠡᠯ ᠦᠨ ᠲᠣᠭᠯᠠᠯᠲᠠ᠂ ᠠᠷᠠᠳ ᠤᠨ ᠤᠷᠠᠯᠢᠭ ᠤᠨ ᠦᠵᠡᠭᠦᠯᠪᠤᠷᠢ᠂ ᠰᠢᠯᠢᠳᠡᠭ ᠤᠷᠤᠯᠴᠠᠭᠰᠠᠳ ᠤᠨ ᠨᠢᠭᠡᠳᠦᠭᠰᠡᠨ ᠲᠣᠭᠯᠠᠯᠲᠠ ᠨᠤᠭᠤᠳ ᠬᠥᠲᠥᠯᠪᠦᠷᠢ ᠶᠢᠨ ᠳᠠᠭᠠᠤ ᠵᠣᠬᠢᠶᠠᠭᠳᠠᠬᠤ ᠪᠥᠭᠡᠳ ᠵᠠᠩ ᠦᠢᠯᠡ᠂ ᠥᠪ ᠰᠤᠶᠤᠯ ᠤᠨ ᠬᠣᠲᠠᠬᠠᠨ ᠠᠵᠢᠯᠯᠠᠨ᠎ᠠ᠃

ᠰᠡᠳᠬᠢᠭᠳᠡᠯ ᠦᠯᠡᠳᠡᠭᠡᠬᠦ