︽ᠬᠠᠭᠠᠨ ᠤ ᠡᠷᠢᠯ︾ ᠢ ᠨᠡᠭᠡᠭᠡᠵᠦ ᠦᠭᠡ ᠬᠡᠯᠡᠪᠡ  | News.MN

 ︽ᠬᠠᠭᠠᠨ ᠤ ᠡᠷᠢᠯ︾ ᠢ ᠨᠡᠭᠡᠭᠡᠵᠦ ᠦᠭᠡ ᠬᠡᠯᠡᠪᠡ 

︽ᠬᠠᠭᠠᠨ ᠤ ᠡᠷᠢᠯ︾ ᠤᠨ ᠨᠡᠭᠡᠭᠡᠯᠲᠡ ᠶᠢᠨ ᠶᠣᠰᠣᠯᠠᠯ ᠳᠤ ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠬ∙ᠪᠠᠲᠤᠲᠤᠯᠭ᠎ᠠ᠂ ᠪᠠᠲᠤᠯᠠᠨ ᠬᠠᠮᠠᠭᠠᠯᠠᠬᠤ ᠶᠢᠨ ᠰᠠᠶᠢᠳ ᠨ∙ᠡᠩᠬᠡᠪᠣᠯᠤᠳ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ᠂ ᠬᠣᠰᠢᠭᠤᠴᠢ ᠭᠧᠨᠧᠷᠠᠯ ᠠ᠊∙ᠭᠠᠩᠪᠠᠲᠤ᠂ ᠡᠨᠡᠳᠬᠡᠭ ᠨᠣᠮᠣᠬᠠᠨ ᠳᠠᠯᠠᠢ ᠳ᠋ᠡᠬᠢ ᠠᠮᠧᠷᠢᠺᠠ ᠶᠢᠨ ᠴᠡᠷᠢᠭ ᠦᠨ ᠺᠣᠮᠠᠨᠳᠠᠯᠠᠭᠴᠢ ᠠᠳ᠋ᠮᠢᠷᠠᠯ ᠹᠢᠯᠢᠫᠫ ᠳ᠋ᠸᠸᠢᠳ᠋ᠰᠤᠨ ᠂ ︽ᠬᠠᠭᠠᠨ ᠤ ᠡᠷᠢᠯ ︾ ᠡᠩᠬᠡ ᠶᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠬᠠᠮᠲᠤᠷᠠᠭᠰᠠᠨ ᠰᠤᠷᠭᠠᠭᠤᠯᠢ ᠳᠤ ᠣᠷᠣᠯᠴᠠᠵᠤ ᠪᠤᠢ ᠣᠷᠣᠨ ᠨᠤᠭᠤᠳ ᠤᠨ ᠡᠯᠴᠢᠨ ᠰᠠᠶᠢᠳ ᠨᠠᠷ ᠣᠷᠣᠯᠴᠠᠯ᠎ᠠ᠃
ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠬ∙ᠪᠠᠲᠤᠲᠤᠯᠭ᠎ᠠ᠄ ᠡᠷᠬᠢᠮ ᠵᠣᠴᠢᠳ᠂ ᠲᠥᠯᠥᠭᠡᠯᠡᠭᠴᠢᠳ ᠡ᠂ ︽ᠬᠠᠭᠠᠨ ᠤ ᠡᠷᠢᠯ  -2019︾ ᠡᠩᠬᠡ ᠶᠢ ᠳᠡᠮᠵᠢᠬᠦ ᠠᠵᠢᠯᠯᠠᠭᠠᠨ ᠤ ᠣᠯᠠᠨ ᠤᠯᠤᠰ ᠤᠨ ᠰᠤᠷᠭᠠᠭᠤᠯᠢ ᠳᠤ ᠣᠷᠣᠯᠴᠠᠬᠤ ᠪᠠᠷ ᠢᠷᠡᠭᠰᠡᠨ ᠳᠠᠶᠢᠴᠢᠳ ᠡ᠂ ᠲᠠ ᠪᠦᠬᠦᠨ ᠦ ᠠᠮᠤᠷ ᠢ ᠡᠷᠢᠵᠦ᠂ ᠮᠣᠩᠭᠣᠯ ᠣᠷᠣᠨ ᠳᠤ ᠲᠠᠪᠠᠲᠠᠢ ᠮᠣᠷᠢᠯᠠᠬᠤ ᠶᠢ ᠤᠷᠢᠶ᠎ᠠ᠃  ᠡᠩᠬᠡ ᠶᠢ ᠰᠠᠬᠢᠭᠤᠯᠬᠤ ᠠᠵᠢᠯᠯᠠᠭ᠎ᠠ ᠨᠢ ᠵᠡᠪᠰᠡᠭᠲᠦ ᠮᠥᠷᠭᠥᠯᠳᠦᠭᠡᠨ ᠢ ᠵᠤᠭᠰᠤᠭᠠᠬᠤ ᠂ ᠡᠩ ᠦᠨ ᠠᠷᠠᠳ ᠢᠷᠭᠡᠳ ᠢ ᠬᠠᠮᠠᠭᠠᠯᠠᠬᠤ᠂ ᠪᠠᠶᠢᠭᠠᠯᠢ ᠶᠢᠨ ᠭᠠᠮᠰᠢᠭ ᠲᠤ ᠨᠡᠷᠪᠡᠭᠳᠡᠭᠰᠡᠨ ᠪᠥᠰᠡ ᠨᠤᠲᠤᠭ ᠲᠤ ᠠᠪᠤᠷᠠᠬᠤ᠂ ᠬᠦᠮᠦᠯᠢᠭ ᠦᠨ ᠲᠤᠰᠠᠯᠠᠯᠴᠠᠭ᠎ᠠ ᠦᠵᠡᠭᠦᠯᠬᠦ᠂ ᠰᠡᠷᠭᠦᠭᠡᠨ ᠪᠣᠰᠬᠠᠬᠤ ᠠᠵᠢᠯᠯᠠᠭ᠎ᠠ ᠨᠤᠭᠤᠳ ᠢ ᠶᠠᠪᠤᠭᠤᠯᠬᠤ ᠳᠤ ᠴᠢᠬᠤᠯᠠ ᠬᠡᠷᠡᠭᠰᠡᠯ ᠦᠳ ᠦᠨ ᠨᠢᠭᠡ ᠬᠡᠪ ᠢᠶᠡᠷ ᠪᠠᠶᠢᠭᠰᠠᠭᠠᠷ ᠪᠠᠶᠢᠨ᠎ᠠ᠃
ᠮᠣᠩᠭᠣᠯ ᠤᠯᠤᠰ ᠳᠡᠯᠡᠬᠡᠢ ᠶᠢᠨ ᠬᠠᠮᠲᠤ ᠶᠢᠨ ᠨᠡᠶᠢᠭᠡᠮᠯᠢᠭ ᠦᠨ ᠪᠦᠷᠢᠨ ᠡᠷᠬᠡᠲᠦ ᠭᠡᠰᠢᠭᠦᠨ᠂ ᠡᠩᠬᠡ ᠶᠢ ᠡᠷᠬᠢᠮᠯᠡᠭᠴᠢ ᠤᠯᠤᠰ ᠤᠨ ᠬᠤᠪᠢ ᠳᠤ 2002 ᠣᠨ ᠠᠴᠠ ᠡᠬᠢᠯᠡᠨ ᠵᠡᠪᠰᠡᠭᠲᠦ ᠬᠦᠴᠦᠨ ᠢᠶᠡᠨ ᠡᠩᠬᠡ ᠶᠢ ᠰᠠᠬᠢᠭᠤᠯᠬᠤ ᠠᠵᠢᠯᠯᠠᠭᠠᠨ ᠳᠤ ᠣᠷᠤᠯᠴᠠᠭᠤᠯᠵᠤ᠂ ᠥᠨᠥᠳᠥᠷ ᠢ ᠬᠦᠷᠲᠡᠯ᠎ᠡ ᠨᠡᠶᠢᠲᠡ ᠳᠦ ᠪᠡᠨ 17 ᠮᠢᠩᠭ᠎ᠠ ᠭᠠᠷᠤᠢ ᠴᠡᠷᠢᠭ ᠦᠨ ᠠᠯᠪᠠ ᠬᠠᠭᠠᠭᠴᠢ ᠣᠯᠠᠨ ᠤᠯᠤᠰ ᠲᠤ ᠡᠭᠦᠷᠭᠡ ᠭᠦᠢᠴᠡᠳᠭᠡᠵᠡᠢ᠃ ᠡᠩᠬᠡ ᠶᠢ ᠰᠠᠬᠢᠭᠤᠯᠬᠤ ᠨᠢ ᠴᠡᠷᠢᠭ ᠡᠷᠡᠰ ᠡᠴᠡ ᠪᠡᠯᠡᠳᠬᠡᠯ ᠰᠤᠷᠭᠠᠭᠤᠯᠢᠯᠠᠯᠲᠠ᠂ ᠲᠡᠰᠪᠦᠷᠢ ᠲᠡᠪᠴᠢᠶᠡᠷᠢ᠂ ᠡᠷ᠎ᠡ ᠵᠣᠷᠢᠭ᠂ ᠠᠪᠬᠠᠯᠵᠢ ᠰᠠᠮᠪᠠᠭ᠎ᠠ᠂ ᠤᠷ᠎ᠠ ᠴᠢᠳᠠᠪᠤᠷᠢ ᠱᠠᠭᠠᠷᠳᠠᠭᠰᠠᠨ ᠬᠦᠨᠳᠦ ᠠᠵᠢᠯ ᠶᠤᠮ᠃ ᠡᠩᠬᠡ ᠶᠢ ᠰᠠᠬᠢᠭᠤᠯᠬᠤ ᠪᠡᠶ᠎ᠡ ᠪᠦᠷᠢᠯᠳᠦᠬᠦᠨ ᠪᠡᠯᠡᠳᠬᠡᠯ ᠰᠤᠷᠭᠠᠭᠤᠯᠢᠯᠠᠯᠲᠠ ᠲᠣᠭᠲᠠᠮᠠᠯ ᠬᠢᠬᠦ ᠨᠢ ᠡᠷᠡᠰᠳᠡᠯᠲᠦ ᠨᠥᠬᠥᠴᠡᠯ ᠢ ᠭᠠᠷᠤᠵᠠ ᠬᠣᠬᠢᠷᠠᠯ ᠪᠠᠭ᠎ᠠ ᠲᠠᠢ ᠳᠠᠪᠠᠨ ᠲᠤᠭᠤᠯᠬᠤ ᠨᠥᠬᠥᠴᠡᠯ ᠪᠣᠯᠤᠭᠰᠠᠨ ᠡᠭᠦᠷᠭᠡ ᠭᠦᠢᠴᠡᠳᠭᠡᠬᠦ ᠴᠢᠳᠠᠪᠤᠷᠢ ᠶᠢ ᠡᠷᠡᠰ ᠰᠠᠶᠢᠵᠢᠷᠠᠭᠤᠯᠳᠠᠭ ᠲᠡᠳᠦᠢ ᠦᠭᠡᠢ ᠬᠠᠮᠲᠤ ᠶᠢᠨ ᠠᠵᠢᠯᠯᠠᠭ᠎ᠠ᠂ ᠬᠠᠷᠢᠯᠴᠠᠨ ᠣᠶᠢᠯᠠᠭᠠᠯᠴᠠᠯ ᠢ ᠪᠡᠬᠢᠵᠢᠭᠦᠯᠳᠡᠭ ᠣᠯᠠᠨ ᠲᠠᠯᠠᠲᠤ ᠠᠴᠢ ᠬᠣᠯᠪᠣᠭᠳᠠᠯ ᠲᠠᠢ ᠶᠤᠮ᠃
ᠡᠨᠡ ᠤᠳᠠᠭ᠎ᠠ ᠶᠢᠨ ︽ᠬᠠᠭᠠᠨ ᠤ ᠡᠷᠢᠯ  -2019︾ ᠣᠯᠠᠨ ᠤᠯᠤᠰ ᠤᠨ ᠰᠤᠷᠭᠠᠭᠤᠯᠢ ᠶᠢ ᠡᠨᠡᠳᠬᠡᠭ ᠨᠣᠮᠣᠬᠠᠨ ᠳᠠᠯᠠᠢ ᠳ᠋ᠡᠬᠢ ᠠᠮᠧᠷᠢᠺᠠ ᠶᠢᠨ ᠴᠡᠷᠢᠭ ᠦᠨ ᠺᠤᠮᠠᠨᠳ᠋ᠯᠠᠯ ᠪᠣᠯᠤᠨ ︽ᠳᠡᠯᠡᠬᠡᠢ ᠶᠢᠨ ᠡᠩᠬᠡ ᠶᠢᠨ ᠲᠥᠯᠥᠭᠡ ᠰᠠᠨᠠᠭᠠᠴᠢᠯᠭ᠎ᠠ︾ ᠬᠥᠲᠥᠯᠪᠦᠷᠢ ᠲᠡᠢ ᠬᠠᠮᠲᠤᠷᠠᠨ ᠵᠣᠬᠢᠶᠠᠨ ᠪᠠᠶᠢᠭᠤᠯᠵᠤ ᠪᠠᠶᠢᠭ᠎ᠠ ᠶᠤᠮ᠃ ᠤᠯᠠᠮᠵᠢᠯᠠᠯᠲᠤ ᠴᠡᠷᠢᠭ ᠦᠨ ᠰᠤᠷᠭᠠᠭᠤᠯᠢ ᠡᠩᠬᠡ ᠶᠢ ᠰᠠᠬᠢᠭᠤᠯᠤᠭᠴᠢ ᠲᠠ ᠪᠦᠬᠦᠨ ᠦ ᠮᠡᠷᠭᠡᠵᠢᠯ ᠦᠨ ᠤᠷ᠎ᠠ ᠴᠢᠳᠠᠪᠤᠷᠢ᠂ ᠰᠠᠬᠢᠯᠭ᠎ᠠ ᠵᠣᠬᠢᠶᠠᠨ ᠪᠠᠶᠢᠭᠤᠯᠤᠯᠲᠠ᠂ ᠮᠡᠳᠡᠯᠭᠡ ᠳᠠᠳᠤᠯᠭ᠎ᠠ᠂ ᠲᠤᠷᠰᠢᠯᠭ᠎ᠠ᠂ ᠲᠡᠰᠪᠦᠷᠢ ᠬᠠᠲᠠᠭᠤᠵᠢᠯ ᠢ ᠳᠡᠭᠡᠭᠰᠢᠯᠡᠭᠦᠯᠬᠦ ᠳᠦ ᠦᠭᠭᠦᠭᠡᠵᠢ ᠥᠭᠭᠦᠨ᠎ᠡ ᠭᠡᠳᠡᠭ ᠲᠦ ᠢᠲᠡᠭᠡᠯ ᠲᠡᠢ ᠪᠠᠶᠢᠨ᠎ᠠ᠃ ᠢᠩᠭᠢᠭᠡᠳ 17 ᠳ᠋ᠡᠬᠢ ᠤᠳᠠᠭ᠎ᠠ ᠶᠢᠨ  ︽ᠬᠠᠭᠠᠨ ᠤ ᠡᠷᠢᠯ ︾ ᠣᠯᠠᠨ ᠤᠯᠤᠰ ᠤᠨ ᠰᠤᠷᠭᠠᠭᠤᠯᠢ ᠳᠤ ᠣᠷᠣᠯᠴᠠᠬᠤ ᠪᠠᠷ ᠬᠦᠷᠦᠯᠴᠡᠨ ᠢᠷᠡᠭᠰᠡᠨ ᠴᠡᠩᠬᠡᠷ ᠳᠤᠭᠤᠯᠠᠭᠠᠲᠠᠨ  ᠳᠠᠶᠢᠴᠢᠳ ᠲᠤ ᠪᠠᠨ ᠠᠮᠵᠢᠯᠲᠠ ᠬᠦᠰᠡᠶ᠎ᠡ᠃ ᠳᠠᠶᠠᠩ ᠳᠡᠯᠡᠬᠡᠢ ᠳᠦ ᠡᠩᠬᠡ ᠲᠠᠶᠢᠪᠤᠩ ᠪᠡᠬᠢᠵᠢᠵᠦ᠂ ᠦᠨᠳᠦᠰᠦᠲᠡᠨ ᠨᠦᠭᠦᠳ ᠠᠮᠤᠭᠤᠯᠠᠩ ᠪᠠᠶᠢᠬᠤ ᠪᠣᠯᠲᠤᠭᠠᠢ ᠭᠡᠯ᠎ᠡ᠃ ᠡᠨᠡ ᠤᠳᠠᠭ᠎ᠠ ᠶᠢᠨ ᠰᠤᠷᠭᠠᠭᠤᠯᠢ ᠳᠤ 38 ᠣᠷᠣᠨ ᠤ 1700 ᠭᠠᠷᠤᠢ ᠴᠡᠷᠢᠭ ᠦᠨ ᠠᠯᠪᠠ ᠬᠠᠭᠠᠭᠴᠢᠳ ᠣᠷᠣᠯᠴᠠᠵᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ