ᠭᠤᠷᠪᠠᠨᠰᠠᠶᠢᠬᠠᠨ ᠴᠡᠴᠡᠷᠯᠢᠭᠲᠦ ᠬᠦᠷᠢᠶᠡᠯᠡᠩ ᠲᠡᠢ ᠪᠣᠯᠤᠯ᠎ᠠ  | News.MN

ᠭᠤᠷᠪᠠᠨᠰᠠᠶᠢᠬᠠᠨ ᠴᠡᠴᠡᠷᠯᠢᠭᠲᠦ ᠬᠦᠷᠢᠶᠡᠯᠡᠩ ᠲᠡᠢ ᠪᠣᠯᠤᠯ᠎ᠠ 

ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ᠍ ᠶᠠᠮᠤᠨ ᠤ ᠰᠠᠨᠠᠭᠠᠴᠢᠯᠠᠭ᠎ᠠ ᠪᠠᠷ ᠡᠬᠢᠯᠡᠭᠦᠯᠦᠭᠰᠡᠨ ︽ᠨᠣᠭᠣᠭᠠᠨ ᠫᠠᠰᠫᠣᠷᠲ︾ ᠠᠶᠠᠨ ᠤ ᠬᠦᠷᠢᠶᠡᠨ ᠳᠦ ᠳᠤᠮᠳᠠᠭᠤᠪᠢ ᠠᠶᠢᠮᠠᠭ ᠤᠨ ᠭᠤᠷᠪᠠᠨᠰᠠᠶᠢᠬᠠᠨ ᠰᠤᠮᠤᠨ ᠳᠤ  ︽ᠨᠣᠭᠣᠭᠠᠨ ᠫᠠᠰᠫᠣᠷᠲ ᠨᠣᠭᠣᠭᠠᠨ ᠲᠥᠭᠡᠯ︾ ᠴᠡᠴᠡᠷᠯᠢᠭᠲᠦ ᠬᠦᠷᠢᠶᠡᠯᠡᠩ ᠪᠠᠶᠢᠭᠤᠯᠵᠤ ᠂ ᠦᠬᠡᠷ ᠦᠨ ᠨᠢᠳᠤ ᠂ ᠠᠭᠴᠢ᠂ ᠰᠢᠨᠡᠰᠦ᠂ ᠤᠯᠢᠶᠠᠰᠤ ᠵᠡᠷᠭᠡ 10 ᠭᠠᠷᠤᠢ ᠲᠥᠷᠥᠯ ᠦᠨ 3000 ᠮᠣᠳᠣ ᠶᠢ ᠰᠤᠮᠤ ᠶᠢᠨ ᠢᠷᠭᠡᠳ᠂ ᠬᠡᠦᠬᠡᠳ᠂ ᠵᠠᠯᠠᠭᠤᠴᠤᠳ ᠤᠨ ᠣᠷᠣᠯᠴᠠᠭ᠎ᠠ ᠲᠠᠢ ᠪᠠᠷ ᠰᠠᠭᠤᠯᠭᠠᠯ᠎ᠠ᠃
ᠴᠡᠴᠡᠷᠯᠢᠭᠲᠦ ᠬᠦᠷᠢᠶᠡᠯᠡᠩ ᠦᠨ ᠨᠡᠭᠡᠭᠡᠯᠲᠡ ᠶᠢᠨ ᠦᠶ᠎ᠡ ᠪᠡᠷ ᠄ ᠪᠢᠳᠡ ᠡᠨᠡ ᠴᠡᠴᠡᠷᠯᠢᠭᠲᠦ ᠬᠦᠷᠢᠶᠡᠯᠡᠩ ᠳᠦ ᠵᠥᠪᠬᠡᠨ ᠨᠢᠭᠡ ᠲᠥᠷᠥᠯ ᠦᠨ ᠮᠣᠳᠣ ᠪᠢᠰᠢ᠂ 10-13 ᠲᠥᠷᠥᠯ ᠦᠨ ᠵᠦᠢᠯ ᠪᠦᠷᠢ ᠶᠢᠨ ᠮᠣᠳᠣᠯᠢᠭ ᠤᠷᠭᠤᠮᠠᠯ  ᠲᠠᠷᠢᠨ᠎ᠠ᠃ ᠭᠣᠪᠢ ᠨᠤᠲᠤᠭ ᠤᠨ ᠬᠠᠭᠤᠷᠠᠢ᠂ ᠰᠢᠷᠦᠭᠦᠨ ᠠᠭᠤᠷ ᠠᠮᠢᠰᠬᠤᠯ ᠲᠠᠢ ᠡᠶᠢᠮᠦ ᠭᠠᠵᠠᠷ ᠲᠤ ᠲᠥᠭᠡᠯ ᠪᠠᠶᠢᠭᠤᠯᠵᠤ ᠪᠠᠶᠢᠭ᠎ᠠ ᠨᠢ ᠠᠭᠤᠷ ᠠᠮᠢᠰᠬᠤᠯ ᠤᠨ ᠥᠭᠡᠷᠡᠴᠢᠯᠡᠯᠲᠡ ᠶᠢ ᠵᠦᠭᠡᠯᠡᠷᠡᠭᠦᠯᠬᠦ᠂ ᠴᠥᠯᠵᠢᠯᠲᠡ᠂ ᠭᠠᠵᠠᠷ ᠤᠨ ᠳᠣᠷᠣᠶᠢᠲᠠᠯ ᠢ ᠪᠠᠭᠤᠷᠠᠭᠤᠯᠬᠤ ᠳᠤ ᠴᠢᠬᠤᠯᠠ ᠨᠥᠯᠥᠭᠡ ᠲᠡᠢ ᠶᠤᠮ ᠭᠡᠵᠦ ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ᠍ ᠶᠠᠮᠤᠨ ᠤ ᠬᠦᠷᠢᠶᠡᠯᠡᠩ ᠪᠤᠢ ᠣᠷᠴᠢᠨ᠂  ᠪᠠᠶᠢᠭᠠᠯᠢ ᠶᠢᠨ ᠨᠥᠭᠡᠴᠡ ᠶᠢᠨ ᠤᠳᠤᠷᠢᠳᠤᠯᠭ᠎ᠠ ᠶᠢᠨ ᠭᠠᠵᠠᠷ ᠤᠨ ᠳᠠᠷᠤᠭ᠎ᠠ ᠫ∙ᠴᠣᠭᠲᠤᠰᠠᠶᠢᠬᠠᠨ ᠣᠨᠴᠠᠯᠠᠯ᠎ᠠ᠃

ᠰᠡᠳᠬᠢᠭᠳᠡᠯ ᠦᠯᠡᠳᠡᠭᠡᠬᠦ