ᠤᠯᠤᠰ ᠤᠨ ᠨᠡᠶᠢᠲᠡ ᠭᠠᠳᠠᠭᠠᠳᠤ ᠥᠷᠢ ᠡᠨᠡ ᠣᠨ ᠤ ᠡᠬᠢᠨ ᠦ ᠤᠯᠠᠷᠢᠯ ᠳᠤ 29.5 ᠲᠡᠷᠪᠤᠮ ᠳ᠋ᠣᠯᠯᠠᠷ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 1.6 ᠲᠡᠷᠪᠤᠮ ᠳ᠋ᠣᠯᠯᠠᠷ ᠢᠶᠠᠷ ᠥᠰᠦᠭᠰᠡᠨ ᠪᠠᠶᠢᠨ᠎ᠠ᠃ ᠨᠡᠶᠢᠲᠡ ᠭᠠᠳᠠᠭᠠᠳᠤ ᠦᠷᠢ ᠶᠢ ᠰᠠᠯᠪᠤᠷᠢ ᠪᠠᠷ ᠠᠪᠴᠤ ᠦᠵᠡᠬᠦ ᠳᠦ ᠺᠣᠮᠫᠠᠨᠢ ᠬᠣᠭᠣᠷᠣᠨᠳᠣ ᠶᠢᠨ ᠵᠢᠭᠡᠯᠡᠯᠭᠡ 9.4 ᠲᠡᠷᠪᠤᠮ ᠳ᠋ᠣᠯᠯᠠᠷ᠂ ᠪᠤᠰᠤᠳ ᠰᠠᠯᠪᠤᠷᠢ ᠶᠢᠨ ᠬᠢ 8.4 ᠲᠡᠷᠪᠤᠮ ᠳ᠋ᠣᠯᠯᠠᠷ᠂ ᠵᠠᠰᠠᠭ ᠤᠨ ᠭᠠᠵᠠᠷ ᠤᠨ ᠬᠢ 7.3 ᠲᠡᠷᠪᠤᠮ ᠳ᠋ᠣᠯᠯᠠᠷ᠂ ᠲᠥᠪ ᠪᠠᠩᠬᠢᠨ ᠠᠴᠠ ᠪᠤᠰᠤᠳ ᠬᠠᠳᠠᠭᠠᠯᠠᠮᠵᠢ ᠶᠢᠨ ᠪᠠᠶᠢᠭᠤᠯᠤᠯᠭ᠎ᠠ ᠶᠢᠨ ᠬᠢ 2.4 ᠲᠡᠷᠪᠤᠮ ᠳ᠋ᠣᠯᠯᠠᠷ ᠪᠠᠶᠢᠨ᠎ᠠ᠃
ᠵᠠᠰᠠᠭ ᠤᠨ ᠭᠠᠵᠠᠷ ᠤᠨ ᠨᠡᠶᠢᠲᠡ ᠦᠷᠢ ᠡᠨᠡ ᠣᠨ ᠤ ᠡᠬᠢᠨ ᠦ ᠤᠯᠠᠷᠢᠯ ᠳᠤ 22.4 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 873.9 ᠲᠡᠷᠪᠤᠮ ᠲᠥᠭᠥᠷᠢᠭ ᠪᠤᠶᠤ 4.1 ᠬᠤᠪᠢ ᠪᠠᠷ ᠥᠰᠴᠠᠢ᠃ ᠡᠭᠦᠨ ᠦ 18.9 ᠶᠡᠬᠡ ᠨᠠᠶᠤᠳ ᠲᠥᠭᠥᠷᠢᠭ ᠪᠤᠶᠤ 84.7 ᠬᠤᠪᠢ ᠭᠠᠳᠠᠭᠠᠳᠤ ᠥᠷᠢ᠂ 1.5 ᠶᠡᠬᠡ ᠨᠠᠶᠤᠳ ᠲᠥᠭᠥᠷᠢᠭ ᠪᠤᠶᠤ 6.9 ᠬᠤᠪᠢ ᠨᠢ ᠳᠣᠲᠣᠭᠠᠳᠤ ᠥᠷᠢ᠂ 1.1 ᠶᠡᠬᠡ ᠨᠠᠶᠤᠳ ᠲᠥᠭᠥᠷᠢᠭ ᠪᠤᠶᠤ 4.9 ᠬᠤᠪᠢ ᠨᠢ ᠵᠠᠰᠠᠭ ᠤᠨ ᠭᠠᠵᠠᠷ ᠤᠨ ᠦᠷᠢ ᠶᠢᠨ ᠪᠠᠲᠤᠯᠠᠭ᠎ᠠ᠂ 807.9 ᠲᠡᠷᠪᠤᠮ ᠲᠥᠭᠥᠷᠢᠭ ᠪᠤᠶᠤ 3.6 ᠬᠤᠪᠢ ᠨᠢ ᠺᠤᠨᠴᠸᠰᠰ ᠪᠠᠶᠢᠨ᠎ᠠ᠃