ᠠᠷᠠᠳ ᠤᠨ ᠨᠠᠮ ᠤᠨ ᠬᠢᠨ ᠶᠡᠷᠦᠩᠬᠡᠶᠢᠯᠡᠭᠴᠢ ᠲᠡᠢ ᠠᠭᠤᠯᠵᠠᠵᠠᠢ  | News.MN

ᠠᠷᠠᠳ ᠤᠨ ᠨᠠᠮ ᠤᠨ ᠬᠢᠨ ᠶᠡᠷᠦᠩᠬᠡᠶᠢᠯᠡᠭᠴᠢ ᠲᠡᠢ ᠠᠭᠤᠯᠵᠠᠵᠠᠢ 

ᠤᠯᠤᠰ ᠤᠨ ᠶᠡᠬᠡ ᠬᠤᠷᠠᠯ ᠳ᠋ᠡᠬᠢ ᠮᠤᠩᠭᠤᠯ ᠠᠷᠠᠳ ᠤᠨ ᠨᠠᠮ ᠍ ᠤᠨ ᠪᠦᠯᠦᠭ ᠥᠨᠥᠳᠥᠷ ︵2019.06.17 ︶ ᠬᠤᠷᠠᠯᠳᠤᠵᠤ᠂ ᠦᠨᠳᠦᠰᠦᠨ ᠬᠠᠤᠯᠢ ᠶᠢᠨ ᠥᠭᠡᠷᠡᠴᠢᠯᠡᠯᠲᠡ ᠶᠢᠨ ᠲᠥᠰᠥᠯ ᠦᠨ ᠲᠠᠯ᠎ᠠ ᠪᠠᠷ ᠪᠠᠶᠢᠷᠢ ᠰᠠᠭᠤᠷᠢ ᠪᠠᠨ ᠨᠢᠭᠡᠳᠬᠡᠯ᠎ᠡ᠃ ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠶᠢᠨ ᠲᠥᠰᠥᠯ ᠢ ᠬᠡᠯᠡᠯᠴᠡᠬᠦ ᠡᠰᠡᠬᠦ ᠶᠢ ᠥᠩᠭᠡᠷᠡᠭᠰᠡᠨ ᠪᠠᠰᠠᠩ ᠭᠠᠷᠠᠭ ᠲᠤ ᠬᠡᠯᠡᠯᠴᠡᠭᠰᠡᠨ ᠴᠤ ᠰᠠᠨᠠᠯ ᠬᠤᠷᠢᠶᠠᠭ᠎ᠠ ᠦᠭᠡᠢ ᠠᠵᠤ᠃ ᠥᠩᠭᠡᠷᠡᠭᠰᠡᠨ ᠠᠮᠠᠷᠠᠯᠲᠠ ᠶᠢᠨ ᠡᠳᠦᠷ ᠦᠳ ᠲᠦ ᠮᠤᠩᠭᠤᠯ ᠠᠷᠠᠳ ᠤᠨ ᠨᠠᠮ ᠍ ᠤᠨ ᠤᠳᠤᠷᠢᠳᠤᠯᠭ᠎ᠠ ᠨᠠᠷ ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ  ᠤᠷᠤᠭᠤᠯᠬᠤ ᠲᠠᠯ᠎ᠠ ᠪᠠᠷ  ᠶᠡᠷᠦᠩᠬᠡᠶᠢᠯᠡᠭᠴᠢ ᠪᠣᠯᠤᠨ ᠠᠷᠠᠳᠴᠢᠯᠠᠭᠰᠠᠨ ᠨᠠᠮ ᠤᠨ ᠵᠥᠪᠯᠡᠯ ᠲᠡᠢ ᠠᠭᠤᠯᠵᠠᠵᠤ᠂ ᠶᠠᠷᠢᠯᠴᠠᠭᠰᠠᠨ ᠮᠡᠳᠡᠭᠡᠯᠡᠯ ᠢ ᠨᠠᠮ ᠤᠨ ᠪᠦᠯᠦᠭ ᠲᠦ ᠲᠠᠨᠢᠯᠴᠠᠭᠤᠯᠵᠠᠢ᠃
ᠲᠥᠰᠥᠯ ᠦᠨ ᠬᠡᠯᠡᠯᠴᠡᠭᠦᠯᠭᠡ ᠶᠢᠨ ᠱᠠᠲᠤᠨ ᠳᠤ ᠪᠠᠭ᠎ᠠ ᠵᠡᠷᠭᠡ ᠥᠭᠡᠷᠡᠴᠢᠯᠡᠯᠲᠡ ᠶᠢ ᠬᠣᠶᠠᠳᠤᠭᠠᠷ ᠬᠡᠯᠡᠯᠴᠡᠭᠦᠯᠭᠡ ᠶᠢᠨ ᠦᠶ᠎ᠡ ᠪᠡᠷ ᠤᠷᠤᠭᠤᠯᠬᠤ ᠪᠣᠯᠤᠮᠵᠢ ᠲᠠᠢ ᠭᠡᠵᠤ ᠦᠵᠡᠵᠦ ᠪᠠᠶᠢᠭ᠎ᠠ ᠶᠤᠮ ᠪᠠᠶᠢᠨ᠎ᠠ᠃
ᠶᠡᠷᠦᠩᠬᠡᠶᠢᠯᠡᠭᠴᠢ ᠪᠣᠯᠤᠨ ᠠᠷᠠᠳᠴᠢᠯᠠᠭᠰᠠᠨ ᠨᠠᠮ ᠤᠨ ᠵᠥᠪᠯᠡᠯ ᠲᠣᠳᠣᠷᠬᠠᠢ ᠰᠠᠨᠠᠯ ᠤᠳ ᠢ ᠬᠡᠯᠡᠵᠦ ᠪᠠᠶᠢᠭ᠎ᠠ ᠪᠥᠭᠡᠳ ᠡᠨᠡᠬᠦ ᠰᠠᠨᠠᠯ ᠤᠳ ᠢ ᠦᠨᠳᠦᠰᠦᠨ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠥᠰᠥᠯ ᠳᠦ ᠤᠷᠤᠭᠤᠯᠬᠤ ᠪᠣᠯᠤᠮᠵᠢ ᠨᠤᠭᠤᠳ ᠢ  ᠰᠤᠳᠤᠯᠵᠤ ᠪᠠᠶᠢᠭ᠎ᠠ ᠭᠡᠳᠡᠭ ᠢ ᠪᠦᠯᠦᠭ ᠦᠨ ᠳᠠᠷᠤᠭ᠎ᠠ ᠣᠨᠴᠠᠯᠠᠵᠠᠢ᠃

ᠰᠡᠳᠬᠢᠭᠳᠡᠯ ᠦᠯᠡᠳᠡᠭᠡᠬᠦ