︽ᠡᠳ᠋ ᠦᠨ ᠵᠠᠰᠠᠭ ᠤᠨ ᠹᠤᠷᠤᠮ-2019︾  ᠪᠤᠯᠤᠨ᠎ᠠ | News.MN

 ︽ᠡᠳ᠋ ᠦᠨ ᠵᠠᠰᠠᠭ ᠤᠨ ᠹᠤᠷᠤᠮ-2019︾  ᠪᠤᠯᠤᠨ᠎ᠠ

ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ ︽ᠡᠳ᠋ ᠦᠨ ᠵᠠᠰᠠᠭ ᠤᠨ ᠹᠣᠷᠣᠮ︾ ᠢ ᠵᠣᠬᠢᠶᠠᠨ ᠪᠠᠶᠢᠭᠤᠯᠬᠤ ᠨᠡᠶᠢᠰᠯᠡᠯ ᠦᠨ ᠵᠠᠰᠠᠭ ᠳᠠᠷᠤᠭ᠎ᠠ ᠶᠢᠨ ᠬᠥᠭᠵᠢᠯ ᠦᠨ ᠠᠰᠠᠭᠤᠳᠠᠯ ᠬᠠᠷᠢᠭᠤᠴᠠᠭᠰᠠᠨ ᠨᠢᠭᠡᠳᠦᠭᠡᠷ ᠣᠷᠣᠯᠠᠭᠴᠢ ᠵ∙ᠪᠠᠲᠤᠪᠠᠶᠠᠰᠬᠤᠯᠠᠩ ᠢᠶᠠᠷ ᠠᠬᠠᠯᠠᠭᠤᠯᠤᠭᠰᠠᠨ ᠠᠵᠢᠯ ᠤᠨ ᠬᠡᠰᠡᠭ ᠥᠨᠥᠳᠥᠷ ᠬᠤᠷᠠᠯᠳᠤᠯ᠎ᠠ᠃ ᠬᠤᠷᠠᠯᠳᠤᠭᠠᠨ ᠢᠶᠠᠷ ᠹᠣᠷᠣᠮ ᠢ ᠵᠣᠬᠢᠶᠠᠨ ᠪᠠᠶᠢᠭᠤᠯᠬᠤ ᠪᠡᠯᠡᠳᠬᠡᠯ ᠠᠵᠢᠯ ᠤᠨ ᠲᠥᠯᠥᠪᠯᠡᠭᠡ ᠪᠣᠯᠤᠨ ᠦᠢᠯᠡ ᠠᠵᠢᠯᠯᠠᠭᠠᠨ ᠤ ᠬᠥᠲᠥᠯᠪᠦᠷᠢ᠂ ᠠᠭᠤᠯᠭ᠎ᠠ ᠶᠢ ᠶᠠᠷᠢᠯᠴᠠᠵᠤ᠂ ᠡᠨᠡ ᠵᠢᠯ ᠶᠠᠮᠠᠷ ᠤᠷᠢᠶᠠᠨ ᠳᠣᠣᠷ᠎ᠠ ᠨᠢᠭᠡᠳᠬᠦ ᠵᠡᠷᠭᠡ ᠠᠰᠠᠭᠤᠳᠠᠯ ᠢ ᠬᠡᠯᠡᠯᠴᠡᠨ᠂ ᠰᠠᠨᠠᠯ ᠢᠶᠠᠨ ᠨᠢᠭᠡᠳᠬᠡᠨ ᠤᠳᠤᠷᠢᠳᠬᠤ ᠵᠦᠪᠯᠡᠯ ᠳᠦ ᠲᠠᠨᠢᠯᠴᠠᠭᠤᠯᠬᠤ ᠪᠠᠷ ᠪᠣᠯᠤᠯ᠎ᠠ᠃ ᠡᠳ᠋ ᠍ ᠦᠨ ᠵᠠᠰᠠᠭ ᠤᠨ ᠹᠣᠷᠣᠮ ᠨᠢ ᠲᠥᠷᠥ᠂  ᠬᠤᠪᠢ ᠶᠢᠨ ᠬᠡᠪᠰᠢᠯ ᠬᠠᠮᠲᠤᠷᠠᠨ ᠡᠳ᠋ ᠍ ᠦᠨ ᠵᠠᠰᠠᠭ ᠲᠤ ᠲᠤᠯᠭᠠᠮᠳᠠᠵᠤ ᠪᠠᠶᠢᠭ᠎ᠠ ᠠᠰᠠᠭᠤᠳᠠᠯ ᠤᠳ ᠢᠶᠠᠨ ᠶᠠᠷᠢᠯᠴᠠᠨ ᠭᠠᠷᠴᠠ᠂ ᠰᠢᠢᠳᠦᠯ ᠬᠠᠶᠢᠵᠤ᠂ ᠪᠣᠳᠠᠲᠤ ᠦᠷ᠎ᠡ ᠳ᠋ᠦᠩ ᠭᠠᠷᠭᠠᠬᠤ ᠵᠣᠷᠢᠯᠭ᠎ᠠ ᠲᠠᠢ ᠶᠤᠮ᠃ ᠥᠩᠭᠡᠷᠡᠭᠰᠡᠨ ᠵᠢᠯ  ︽ᠮᠣᠩᠭᠣᠯ ᠤᠨ ᠡᠳ᠋ ᠍ ᠦᠨ ᠵᠠᠰᠠᠭ ᠤᠨ ᠹᠣᠷᠣᠮ-2018︾ ᠶᠢ ᠲᠥᠷᠥ ᠶᠢᠨ ᠣᠷᠳᠣᠨ ᠳᠤ ︽ᠬᠦᠴᠦ ᠪᠡᠨ ᠨᠢᠭᠡᠳᠬᠡᠶ᠎ᠡ︾ ᠤᠷᠢᠶᠠᠨ ᠳᠣᠣᠷ᠎ᠠ ᠵᠣᠬᠢᠶᠠᠨ ᠪᠠᠶᠢᠭᠤᠯᠤᠭᠰᠠᠨ᠃ ᠡᠨᠡ ᠵᠢᠯ ᠵᠢᠷᠭᠤᠳᠤᠭᠠᠷ ᠰᠠᠷ᠎ᠠ ᠶᠢᠨ 28 ᠍ ᠤ ᠡᠳᠦᠷ ᠵᠣᠬᠢᠶᠠᠨ ᠪᠠᠶᠢᠭᠤᠯᠬᠤ ᠪᠠᠷ ᠲᠣᠭᠲᠠᠭᠰᠠᠨ ᠢ ᠨᠡᠶᠢᠰᠯᠡᠯ ᠦᠨ  ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ  ᠤᠨ ᠬᠡᠪᠯᠡᠯ ᠮᠡᠳᠡᠭᠡᠯᠡᠯ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ