ᠡᠺᠰᠫᠣᠷᠲ 7 ᠲᠡᠷᠪᠤᠮ ᠳ᠋ᠣᠯᠯᠠᠷ ᠲᠤ ᠬᠦᠷᠴᠡᠢ  | News.MN

ᠡᠺᠰᠫᠣᠷᠲ 7 ᠲᠡᠷᠪᠤᠮ ᠳ᠋ᠣᠯᠯᠠᠷ ᠲᠤ ᠬᠦᠷᠴᠡᠢ 

ᠡᠳ᠋ ᠦᠨ ᠵᠠᠰᠠᠭ ᠢᠷᠭᠡᠳ ᠦᠨ ᠠᠮᠢᠳᠤᠷᠠᠯ ᠳᠤ ᠪᠤᠰᠤ ᠴᠠᠭᠠᠰᠤᠨ ᠳᠡᠭᠡᠷ᠎ᠡ ᠦᠰᠴᠦ ᠪᠠᠶᠢᠨ᠎ᠠ ᠭᠡᠬᠦ ᠰᠢᠭᠦᠮᠵᠢᠯᠡᠯ ᠨᠡᠶᠢᠭᠡᠮ ᠳᠦ ᠭᠠᠷᠴᠤ ᠪᠤᠢ᠃ ᠭᠡᠬᠦ ᠳᠦ ᠪᠡᠨ ᠡᠳ᠋ ᠦᠨ ᠵᠠᠰᠠᠭ ᠲᠤ ᠡᠶᠢᠮᠦ ᠪᠣᠳᠠᠲᠤ ᠥᠰᠦᠯᠲᠡ ᠭᠠᠷᠤᠭᠰᠠᠨ ᠭᠡᠳᠡᠭ ᠢ ᠠᠯᠪᠠᠨ ᠤ ᠬᠢᠨ ᠣᠨᠴᠠᠯᠠᠵᠤ ᠪᠠᠶᠢᠨ᠎ᠠ᠃ ᠲᠤᠬᠠᠶᠢᠯᠠᠪᠠᠯ᠂ ᠳᠣᠲᠣᠭᠠᠳᠤ ᠶᠢᠨ ᠨᠡᠶᠢᠲᠡ ᠪᠦᠲᠦᠭᠡᠭᠳᠡᠬᠦᠨ ᠦ ᠥᠰᠦᠯᠲᠡ 2016 ᠣᠨ ᠳᠤ 1.2 ᠬᠤᠪᠢ ᠪᠠᠶᠢᠭᠰᠠᠨ ᠪᠣᠯ 2017 ᠣᠨ ᠳᠤ 5.3᠂ 2018 ᠣᠨ ᠳᠤ 6.9 ᠬᠤᠪᠢ ᠪᠣᠯᠵᠤ ᠥᠰᠦᠭᠰᠡᠨ᠃ ᠡᠨᠡ ᠣᠨ ᠤ ᠡᠬᠢᠨ ᠦ ᠤᠯᠠᠷᠢᠯ ᠤᠨ ᠪᠠᠶᠢᠳᠠᠯ ᠢᠶᠠᠷ ᠥᠰᠦᠯᠲᠡ 8.6 ᠬᠤᠪᠢ ᠳᠤ ᠬᠦᠷᠦᠭᠡᠳ ᠪᠠᠶᠢᠨ᠎ᠠ᠃
ᠮᠥᠨ ᠭᠠᠳᠠᠭᠠᠳᠤ ᠸᠠᠯᠢᠶᠤᠲ ᠤᠨ ᠠᠯᠪᠠᠨ ᠨᠥᠭᠡᠴᠡ 2016 ᠣᠨ ᠤ ᠳᠣᠯᠣᠳᠤᠭᠠᠷ ᠰᠠᠷ᠎ᠠ ᠳᠤ 1.2 ᠲᠡᠷᠪᠤᠮ ᠳ᠋ᠣᠯᠯᠠᠷ ᠪᠠᠶᠢᠭᠰᠠᠨ ᠪᠣᠯ 2017 ᠣᠨ ᠳᠤ 3.0᠂ 2018 ᠣᠨ ᠳᠤ 3.5᠂ ᠡᠨᠡ ᠣᠨ ᠤ ᠳᠥᠷᠪᠡᠳᠦᠭᠡᠷ ᠰᠠᠷ᠎ᠠ ᠶᠢᠨ ᠪᠠᠶᠢᠳᠠᠯ ᠢᠶᠠᠷ 3.8 ᠲᠡᠷᠪᠤᠮ ᠳ᠋ᠣᠯᠯᠠᠷ ᠲᠤ ᠬᠦᠷᠴᠡᠢ᠃ ᠲᠥᠰᠥᠪ ᠦᠨ ᠰᠠᠬᠢᠯᠭ᠎ᠠ ᠪᠠᠲᠤ ᠶᠢ ᠰᠠᠶᠢᠵᠢᠷᠠᠭᠤᠯᠤᠭᠰᠠᠨ ᠢᠶᠠᠷ ᠰᠡᠭᠦᠯ ᠦᠨ 10 ᠵᠢᠯ ᠳᠦ ᠠᠩᠬ᠎ᠠ ᠤᠳᠠᠭ᠎ᠠ 2018 ᠣᠨ ᠳᠤ ᠮᠣᠩᠭᠣᠯ ᠤᠯᠤᠰ ᠤᠨ ᠨᠢᠭᠡᠳᠦᠭᠰᠡᠨ ᠲᠥᠰᠥᠪ ᠠᠰᠢᠭ ᠲᠠᠢ ᠭᠠᠷᠤᠭᠰᠠᠨ᠃ ᠡᠨᠡ ᠣᠨ ᠤ ᠡᠬᠢᠨ ᠦ ᠳᠥᠷᠪᠡᠨ ᠰᠠᠷ᠎ᠠ ᠶᠢᠨ ᠪᠠᠶᠢᠳᠠᠯ ᠢᠶᠠᠷ ᠲᠥᠰᠦᠪ ᠦᠨ ᠲᠡᠩᠴᠡᠯ 286.5 ᠲᠡᠷᠪᠤᠮ ᠲᠥᠭᠦᠷᠢᠭ ᠦᠨ ᠠᠰᠢᠭ ᠲᠠᠢ ᠭᠠᠷᠤᠭᠰᠠᠨ ᠪᠢᠯᠡ᠃
ᠬᠠᠷᠢᠨ ᠡᠺᠰᠫᠣᠷᠲ ᠤᠨ ᠬᠡᠮᠵᠢᠶ᠎ᠡ 2016 ᠣᠨ ᠳᠤ 4.9᠂ 2017 ᠣᠨ ᠳᠤ 6.2᠂ 2018 ᠣᠨ ᠳᠤ 7.0 ᠲᠡᠷᠪᠤᠮ ᠳ᠋ᠣᠯᠯᠠᠷ ᠪᠣᠯᠵᠤ ᠨᠡᠮᠡᠭᠳᠡᠭᠡᠳ ᠪᠠᠶᠢᠨ᠎ᠠ᠃ ᠭᠠᠳᠠᠭᠠᠳᠤ ᠬᠤᠳᠠᠯᠳᠤᠭᠠᠨ ᠤ ᠲᠡᠩᠴᠡᠯ ᠥᠩᠭᠡᠷᠡᠭᠰᠡᠨ ᠬᠣᠶᠠᠷ ᠵᠢᠯ ᠦᠨ ᠬᠤᠭᠤᠴᠠᠭᠠᠨ ᠳᠤ ᠨᠡᠶᠢᠲᠡ 3 ᠣᠷᠴᠢᠮ ᠲᠡᠷᠪᠤᠮ ᠳ᠋ᠣᠯᠯᠠᠷ ᠤᠨ ᠠᠰᠢᠭ ᠲᠠᠢ ᠭᠠᠷᠴᠠᠢ᠃

ᠰᠡᠳᠬᠢᠭᠳᠡᠯ ᠦᠯᠡᠳᠡᠭᠡᠬᠦ