ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠠᠰᠢᠭᠯᠠᠯᠲᠠ ᠳᠤ ᠣᠷᠣᠨ᠎ᠠ | News.MN

ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠠᠰᠢᠭᠯᠠᠯᠲᠠ ᠳᠤ ᠣᠷᠣᠨ᠎ᠠ

ᠮᠣᠩᠭᠣᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠶᠢᠷᠠᠮᠳᠠᠬᠤ ᠰᠤᠯᠤᠩᠭᠤᠰ ᠤᠯᠤᠰ ᠤᠨ ᠵᠠᠰᠠᠭ ᠤᠨ ᠭᠠᠵᠠᠷ ᠤᠨ ᠬᠠᠮᠲᠤ ᠶᠢᠨ ᠠᠵᠢᠯᠯᠠᠭᠠᠨ ᠤ ᠬᠦᠷᠢᠶᠡᠨ ᠳᠦ 2012 ᠣᠨ ᠤ ᠲᠠᠪᠤᠳᠤᠭᠠᠷ ᠰᠠᠷ᠎ᠠ ᠶᠢᠨ 17 ᠍ ᠤ ᠡᠳᠦᠷ ᠪᠠᠶᠢᠭᠤᠯᠤᠭᠰᠠᠨ ᠵᠢᠭᠡᠯᠡ ᠶᠢᠨ ᠭᠡᠷ᠎ᠡ ᠶᠢᠨ ᠳᠠᠭᠠᠤ ︽ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠪᠠᠶᠢᠭᠤᠯᠬᠤ︾ ᠲᠥᠰᠥᠯ ᠢ ᠡᠬᠢᠯᠡᠭᠦᠯᠦᠭᠰᠡᠨ ᠪᠠᠶᠢᠳᠠᠭ᠃ ᠤᠯᠤᠰ ᠤᠨ ᠬᠣᠶᠠᠳᠤᠭᠠᠷ ᠲᠥᠪ ᠡᠮᠨᠡᠯᠭᠡ ᠶᠢᠨ ᠠᠷᠤ ᠳᠤ 15482 ᠺᠦᠸᠠᠳ᠋ ᠮᠸᠲᠷ ᠲᠠᠯᠠᠪᠠᠢ ᠪᠦᠬᠦᠢ ᠲᠠᠪᠤᠨ ᠳᠠᠪᠬᠤᠷ ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠪᠠᠷᠢᠭᠳᠠᠵᠤ ᠳᠠᠭᠤᠰᠤᠭᠠᠳ ᠦᠨᠳᠦᠰᠦᠨ ᠦ ᠪᠠᠶᠠᠷ ᠨᠠᠭᠠᠳᠤᠮ ᠤᠨ ᠡᠮᠦᠨ᠎ᠡ ᠠᠰᠢᠭᠯᠠᠯᠲᠠ ᠳᠤ ᠣᠷᠣᠭᠤᠯᠬᠤ ᠪᠠᠷ ᠠᠵᠢᠯᠯᠠᠵᠤ ᠪᠠᠶᠢᠭ᠎ᠠ ᠠᠵᠠᠢ᠃ ᠦᠨᠳᠦᠰᠦᠨ ᠦ ᠣᠨᠣᠰᠢᠯᠠᠭ᠎ᠠ᠂ ᠦᠢᠯᠡᠴᠢᠯᠡᠭᠡᠨ ᠦ ᠲᠥᠪ ᠠᠰᠢᠭᠯᠠᠯᠲᠠ ᠳᠤ ᠣᠷᠣᠭᠰᠠᠨ ᠢᠶᠠᠷ ᠮᠣᠩᠭᠣᠯ ᠤᠨ ᠡᠷᠡᠭᠦᠯ ᠮᠡᠨᠳᠦ ᠶᠢᠨ ᠰᠢᠰᠲ᠋ᠧᠮ ᠢ ᠰᠢᠨ᠎ᠡ ᠱᠠᠲᠤᠨ ᠳᠤ ᠬᠦᠷᠭᠡᠬᠦ᠂ ᠬᠣᠣᠷᠲᠤ ᠬᠠᠪᠤᠳᠠᠷ ᠢ ᠡᠷᠲᠡ ᠱᠠᠲᠤᠨ ᠳᠤ ᠣᠨᠣᠰᠢᠯᠠᠬᠤ᠂ ᠨᠡᠶᠢᠲᠡ ᠶᠢᠨ ᠡᠷᠡᠭᠦᠯ ᠮᠡᠨᠳᠦ ᠶᠢᠨ ᠴᠢᠨᠠᠷ ᠢ ᠰᠠᠶᠢᠵᠢᠷᠠᠭᠤᠯᠬᠤ᠂ ᠭᠠᠳᠠᠭᠠᠳᠤ ᠶᠠᠪᠤᠵᠤ ᠣᠨᠣᠰᠢᠯᠠᠭᠠᠨ ᠳᠤ ᠣᠷᠣᠳᠠᠭ ᠢᠷᠭᠡᠳ ᠡᠬᠡ ᠣᠷᠣᠨ ᠳᠤ ᠪᠠᠨ ᠣᠨᠣᠰᠢᠯᠠᠭᠤᠯᠬᠤ ᠪᠣᠯᠤᠮᠵᠢ ᠨᠡᠭᠡᠭᠡᠭᠳᠡᠬᠦ ᠶᠤᠮ ᠪᠠᠶᠢᠨ᠎ᠠ᠃
ᠡᠨᠡᠬᠦ ᠲᠥᠪ ᠨᠢ ᠡᠪᠡᠳᠴᠢᠲᠡᠨ ᠬᠡᠪᠲᠡᠨ ᠡᠮᠴᠢᠯᠡᠭᠦᠯᠬᠦ 103 ᠣᠷᠣ ᠲᠠᠢ᠃ ᠥᠨᠳᠥᠷ ᠬᠦᠴᠦᠨ ᠴᠢᠳᠠᠯ ᠲᠠᠢ᠂ ᠣᠷᠴᠢᠨ ᠦᠶ᠎ᠡ ᠶᠢᠨ ᠳᠡᠪᠰᠢᠯᠲᠡᠲᠦ 233 ᠨᠡᠷ᠎ᠡ ᠲᠥᠷᠥᠯ ᠦᠨ ᠲᠣᠨᠣᠭ ᠲᠥᠬᠥᠭᠡᠷᠦᠮᠵᠢ ᠪᠣᠯᠤᠨ ᠡᠮᠨᠡᠯᠭᠡ ᠶᠢᠨ ᠪᠠᠭᠠᠵᠢ ᠬᠡᠷᠡᠭᠰᠡᠯ ᠢ ᠰᠠᠭᠤᠷᠢᠯᠠᠭᠤᠯᠵᠤ᠂ ᠠᠰᠢᠭᠯᠠᠯᠲᠠ ᠳᠤ ᠣᠷᠣᠭᠤᠯᠤᠨ᠎ᠠ᠃

ᠰᠡᠳᠬᠢᠭᠳᠡᠯ ᠦᠯᠡᠳᠡᠭᠡᠬᠦ