ᠱᠠᠰᠢᠨ ᠤ ᠬᠤᠷᠠᠯ ᠳᠤ 14 ᠦᠨᠳᠦᠰᠦᠲᠡᠨ ᠦ 150 ᠭᠠᠷᠤᠢ ᠲᠥᠯᠥᠭᠡᠯᠡᠭᠴᠢ ᠣᠷᠣᠯᠴᠠᠨ᠎ᠠ  | News.MN

ᠱᠠᠰᠢᠨ ᠤ ᠬᠤᠷᠠᠯ ᠳᠤ 14 ᠦᠨᠳᠦᠰᠦᠲᠡᠨ ᠦ 150 ᠭᠠᠷᠤᠢ ᠲᠥᠯᠥᠭᠡᠯᠡᠭᠴᠢ ᠣᠷᠣᠯᠴᠠᠨ᠎ᠠ 

ᠠᠽᠢᠶ᠎ᠠ ᠶᠢᠨ ᠪᠤᠳ᠋ᠳᠢᠰᠲ ᠤᠳ ᠤᠨ ᠡᠩᠬᠡ ᠲᠠᠶᠢᠪᠤᠩ ᠤᠨ 11 ᠳ᠋ᠡᠬᠢ ᠪᠠᠭ᠎ᠠ ᠬᠤᠷᠠᠯ ᠢ ᠭᠠᠨᠳᠠᠨᠳᠡᠭᠴᠢᠯᠡᠨ ᠬᠡᠶᠢᠳ᠂ ᠰᠢᠨᠵᠢᠯᠡᠬᠦ ᠤᠬᠠᠭᠠᠨ ᠤ ᠠᠺᠠᠳ᠋ᠸᠮᠢ᠂ ᠮᠣᠩᠭᠣᠯ ᠤᠯᠤᠰ ᠤᠨ ᠶᠡᠬᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠬᠠᠮᠲᠤᠷᠠᠨ ᠡᠨᠡ ᠰᠠᠷ᠎ᠠ ᠶᠢᠨ 22-23 ᠍ ᠳᠦ ᠤᠯᠠᠭᠠᠨᠪᠠᠭᠠᠲᠤᠷ  ᠬᠤᠳᠠ ᠳᠤ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ︽ᠰᠡᠷᠭᠦᠶ᠎ᠡ ᠤᠷᠤᠭᠰᠢᠯᠠᠶ᠎ᠠ︾ ᠤᠷᠢᠶ᠎ᠠ ᠲᠠᠢ ᠡᠩᠬᠡ ᠲᠠᠶᠢᠪᠤᠩ ᠤᠨ ᠪᠠᠭ᠎ᠠ ᠬᠤᠷᠠᠯ ᠤᠨ ᠦᠶ᠎ᠡ ᠪᠡᠷ ︽ᠬᠤᠷᠢᠨ ᠨᠢᠭᠡᠳᠦᠭᠡᠷ ᠵᠠᠭᠤᠨ ᠤ ᠪᠤᠳ᠋ᠳ᠋ᠾᠠ ᠶᠢᠨ ᠥᠪ ᠰᠤᠶᠤᠯ᠂ ᠦᠨᠡᠲᠦ ᠵᠦᠢᠯ︾ ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠢ ᠵᠣᠬᠢᠶᠠᠨ ᠪᠠᠶᠢᠭᠤᠯᠤᠨ᠎ᠠ᠃ ᠬᠤᠷᠠᠯ ᠳᠤ ᠲᠠᠪᠤᠨ ᠤᠯᠤᠰ ᠤᠨ 30 ᠭᠠᠷᠤᠢ ᠡᠷᠳᠡᠮᠲᠡᠨ᠂ ᠰᠤᠳᠤᠯᠤᠭᠠᠴᠢ ᠢᠯᠡᠳᠬᠡᠯ ᠬᠡᠯᠡᠯᠴᠡᠭᠦᠯᠦᠨ᠎ᠡ ᠬᠡᠮᠡᠨ ᠵᠣᠬᠢᠶᠠᠨ ᠪᠠᠶᠢᠭᠤᠯᠤᠭᠴᠢᠳ ᠣᠨᠴᠠᠯᠠᠵᠤ ᠪᠠᠶᠢᠪᠠ᠃
ᠠᠽᠢᠶ᠎ᠠ ᠶᠢᠨ ᠪᠤᠳ᠋ᠳᠢᠰᠲ ᠤᠳ ᠤᠨ ᠡᠩᠬᠡ ᠲᠠᠶᠢᠪᠤᠩ ᠤᠨ ᠪᠠᠭ᠎ᠠ ᠬᠤᠷᠠᠯ ᠨᠢ 1969 ᠣᠨ ᠳᠤ ᠮᠣᠩᠭᠣᠯ ᠤᠨ ᠪᠤᠷᠬᠠᠨ ᠱᠠᠰᠢᠨᠲᠠᠨ ᠤ ᠲᠥᠪ ᠭᠠᠨᠳᠠᠨᠳᠡᠭᠴᠢᠯᠡᠨ ᠬᠡᠶᠢᠳ ᠦᠨ ᠯᠠᠮᠠ ᠬᠤᠸᠠᠷᠠᠭ ᠤᠳ ᠤᠨ ᠰᠠᠨᠠᠭᠠᠴᠢᠯᠠᠭ᠎ᠠ ᠪᠠᠷ ᠪᠠᠶᠢᠭᠤᠯᠤᠭᠳᠠᠵᠠᠢ᠃ ᠠᠩᠬᠠᠨ ᠤ ᠬᠤᠷᠠᠯ ᠢᠶᠠᠨ 1970 ᠣᠨ ᠳᠤ ᠮᠣᠩᠭᠣᠯ ᠳᠤ᠂ 1972 ᠣᠨ ᠳᠤ ᠰᠷᠢᠯᠠᠨᠺᠠ ᠳᠤ ᠂ 1974 ᠣᠨ ᠳᠤ ᠡᠨᠡᠳᠬᠡᠭ ᠲᠦ᠂ 1976 ᠣᠨ ᠳᠤ ᠶᠠᠫᠣᠨ ᠳᠤ᠂ 1979᠂ 1982 ᠣᠨ ᠳᠤ ᠮᠣᠩᠭᠣᠯ ᠳᠤ᠂ 1986 ᠤᠨ ᠳᠤ ᠯᠠᠦ᠋ᠰ ᠲᠤ᠂ 1990᠂ 1998 ᠣᠨ ᠳᠤ ᠮᠣᠩᠭᠣᠯ ᠳᠤ᠂ 2003 ᠣᠨ ᠳᠤ ᠯᠠᠦ᠋ᠰ  ᠲᠤ ᠲᠤᠰ ᠲᠤᠰ ᠵᠣᠬᠢᠶᠠᠨ ᠪᠠᠶᠢᠭᠤᠯᠤᠭᠰᠠᠨ ᠪᠠᠶᠢᠨ᠎ᠠ᠃ ᠡᠨᠡ ᠤᠳᠠᠭ᠎ᠠ ᠶᠢᠨ ᠬᠤᠷᠠᠯᠳᠤᠭᠠᠨ ᠳᠤ ᠡᠨᠡᠳᠬᠡᠭ᠂ ᠰᠣᠯᠣᠩᠭᠣᠰ᠂ ᠣᠷᠣᠰ᠂ ᠰᠷᠢᠯᠠᠨᠺᠠ᠂ ᠶᠠᠫᠣᠨ ᠵᠡᠷᠭᠡ ᠭᠡᠰᠢᠭᠦᠨ ᠤᠯᠤᠰ ᠣᠷᠣᠨ ᠨᠤᠭᠤᠳ ᠤᠨ 14 ᠦᠨᠳᠦᠰᠦᠲᠡᠨ ᠦ 150 ᠭᠠᠷᠤᠢ ᠵᠣᠴᠢᠨ᠂ ᠲᠥᠯᠥᠭᠡᠯᠡᠭᠴᠢ ᠬᠦᠷᠦᠯᠴᠡᠨ ᠢᠷᠡᠨ᠎ᠡ ᠃

ᠰᠡᠳᠬᠢᠭᠳᠡᠯ ᠦᠯᠡᠳᠡᠭᠡᠬᠦ