ᠲᠦᠪ ᠪᠠᠩᠭᠢ ᠶᠢᠨ ERP ᠰᠢᠰᠲ᠋ᠧᠮ ᠢ ᠰᠢᠨᠡᠴᠢᠯᠡᠨ᠎ᠡ  | News.MN

 ᠲᠦᠪ ᠪᠠᠩᠭᠢ ᠶᠢᠨ ERP ᠰᠢᠰᠲ᠋ᠧᠮ ᠢ ᠰᠢᠨᠡᠴᠢᠯᠡᠨ᠎ᠡ 

ᠠᠽᠢᠶ᠎ᠠ ᠶᠢᠨ ᠬᠥᠭᠵᠢᠯ ᠦᠨ ᠪᠠᠩᠬᠢᠨ ᠤ ᠰᠠᠩᠬᠦᠦᠵᠢᠯᠲᠡ ᠪᠡᠷ ᠲᠦᠪ ᠪᠠᠩᠭᠢᠨ ᠤ ᠲᠥᠯᠥᠪᠦᠷᠢ ᠶᠢᠨ ᠰᠢᠰᠲ᠋ᠧᠮ ᠦᠨ ᠰᠢᠨᠡᠴᠢᠯᠡᠯ ᠬᠢᠵᠤ᠂ ᠰᠠᠭᠤᠷᠢ ᠪᠦᠷᠢᠳᠬᠡᠯ ᠦᠨ ᠪᠣᠯᠤᠨ ERP ᠰᠢᠰᠲ᠋ᠧᠮ ᠨᠡᠶᠢᠯᠡᠭᠦᠯᠵᠦ᠂ ᠰᠠᠭᠤᠷᠢᠯᠠᠭᠤᠯᠬᠤ ᠭᠡᠷ᠎ᠡ ᠪᠠᠶᠢᠭᠤᠯᠬᠤ ᠶᠣᠰᠣᠯᠠᠯ ᠥᠨᠥᠳᠥᠷ ᠪᠣᠯᠤᠯ᠎ᠠ᠃ ᠭᠡᠷ᠎ᠡ ᠳᠦ ᠮᠣᠩᠭᠣᠯ ᠪᠠᠩᠭᠢᠨ ᠤ ᠶᠡᠷᠦᠩᠬᠡᠶᠢᠯᠡᠭᠴᠢ ᠨ∙ᠪᠠᠶᠠᠷᠲᠤᠰᠠᠶᠢᠬᠠᠨ᠂ Intellect Design Arena ᠺᠣᠮᠫᠠᠨᠢ ᠶᠢᠨ ᠠᠽᠢᠶ᠎ᠠ ᠨᠣᠮᠣᠬᠠᠨ ᠳᠠᠯᠠᠢ ᠶᠢᠨ ᠪᠥᠰᠡ ᠶᠢᠨ ᠣᠷᠣᠨ ᠨᠤᠭᠤᠳ ᠬᠠᠷᠢᠭᠤᠴᠠᠭᠰᠠᠨ ᠵᠠᠬᠢᠷᠤᠯ ᠢᠨᠳᠠᠷᠠᠨᠢᠯᠠ ᠴᠠᠤᠳ᠋ᠬᠠᠷᠰ ᠨᠠᠷ ᠭᠠᠷ ᠤᠨ ᠦᠰᠦᠭ ᠵᠢᠷᠤᠵᠤ ᠪᠠᠲᠤᠯᠠᠪᠠ᠃
ᠡᠨᠡᠬᠦ ᠲᠥᠰᠥᠯ ᠨᠢ ᠣᠯᠠᠨ ᠤᠯᠤᠰ ᠤᠨ ᠲᠥᠪ ᠪᠠᠩᠬᠢ ᠨᠤᠭᠤᠳ ᠲᠤ ᠬᠡᠷᠡᠭᠵᠢᠵᠦ ᠪᠤᠢ Intellect Quantum Central Banking ᠰᠢᠢᠳᠦᠯ ᠢ ᠨᠡᠪᠲᠡᠷᠡᠭᠦᠯᠬᠦ ᠶᠤᠮ᠃ ᠢᠩᠭᠢᠭᠰᠡᠨ ᠢᠶᠡᠷ ᠰᠠᠭᠤᠷᠢ ᠪᠦᠷᠢᠳᠬᠡᠯ ᠦᠨ ᠶᠡᠷᠦᠩᠬᠡᠢ ᠳᠡᠪᠲᠡᠷ᠂ ᠪᠠᠩᠬᠢᠨ ᠤ ᠦᠢᠯᠡᠴᠢᠯᠡᠭᠡ᠂ ᠲᠥᠷᠥ ᠶᠢᠨ ᠦᠢᠯᠡᠴᠢᠯᠡᠭᠡ᠂ ᠮᠥᠩᠭᠥᠨ ᠦ ᠪᠣᠳᠣᠯᠭ᠎ᠠ᠂ ᠵᠢᠭᠡᠯᠡ ᠪᠣᠯᠤᠨ ᠪᠠᠷᠢᠴᠠᠭ᠎ᠠ ᠬᠥᠷᠥᠩᠭᠡ ᠶᠢᠨ ᠤᠳᠤᠷᠢᠳᠤᠯᠭ᠎ᠠ᠂  ᠸᠠᠯᠢᠶᠤᠲ ᠤᠨ ᠬᠠᠩᠰᠢ ᠶᠢᠨ ᠤᠳᠤᠷᠢᠳᠤᠯᠭ᠎ᠠ᠂ ᠭᠠᠳᠠᠭᠠᠳᠤ ᠬᠤᠳᠠᠯᠳᠤᠭ᠎ᠠ᠂ ᠢᠨᠲᠸᠷᠨᠧᠲ ᠪᠠᠩᠬᠢᠨ ᠤ ᠦᠢᠯᠡᠴᠢᠯᠡᠭᠡ᠂ ᠨᠥᠭᠡᠴᠡ ᠶᠢᠨ ᠤᠳᠤᠷᠢᠳᠤᠯᠭ᠎ᠠ᠂ ᠲᠥᠰᠥᠪ ᠦᠨ ᠤᠳᠤᠷᠢᠳᠤᠯᠭ᠎ᠠ ᠭᠡᠬᠦ ᠮᠡᠲᠦ ᠬᠣᠭᠣᠷᠣᠨᠳᠣ ᠪᠠᠨ ᠨᠢᠭᠲᠠ ᠤᠶᠠᠯᠳᠤᠭ᠎ᠠ ᠪᠦᠬᠦᠢ ᠪᠠᠶᠢᠭᠤᠯᠤᠯᠭ᠎ᠠ ᠶᠢᠨ ᠤᠳᠤᠷᠢᠳᠤᠯᠭ᠎ᠠ ᠶᠢᠨ ᠮᠣᠳᠤᠯᠢ ᠨᠤᠭᠤᠳ ᠢ ᠠᠭᠤᠯᠵᠠᠢ᠃ ᠲᠡᠶᠢᠮᠦ ᠡᠴᠡ ᠳᠡᠯᠡᠬᠡᠢ ᠶᠢᠨ ᠬᠠᠮᠤᠭ ᠤᠨ ᠴᠣᠭᠴᠠ ᠪᠥᠭᠡᠳ ᠬᠦᠴᠦᠷᠬᠡᠭ ᠲᠥᠪ ᠪᠠᠩᠬᠢᠨ ᠤ ᠰᠢᠢᠳᠦᠯ ᠪᠣᠯᠳᠠᠭ᠃ ᠡᠨᠡᠬᠦ ᠴᠣᠭᠴᠠ ᠰᠢᠢᠳᠦᠯ ᠢ ᠮᠣᠩᠭᠣᠯ ᠤᠯᠤᠰ ᠤᠨ ᠠᠢ ᠲᠢ ᠽᠤᠨ ᠺᠣᠮᠫᠠᠨᠢ ᠶᠢᠨ ᠪᠣᠯᠪᠠᠰᠤᠷᠠᠭᠤᠯᠤᠭᠰᠠᠨ ᠬᠦᠮᠦᠨ ᠦ ᠨᠥᠭᠡᠴᠡ ᠶᠢᠨ ᠤᠳᠤᠷᠢᠳᠤᠯᠭ᠎ᠠ ᠶᠢᠨ ᠰᠢᠰᠲ᠋ᠧᠮ ᠲ᠋ᠡᠢ ᠬᠣᠣᠰᠯᠠᠭᠤᠯᠤᠨ ᠨᠡᠪᠲᠡᠷᠡᠭᠦᠯᠦᠨ᠎ᠡ᠃

ᠰᠡᠳᠬᠢᠭᠳᠡᠯ ᠦᠯᠡᠳᠡᠭᠡᠬᠦ