ᠮᠠᠷᠢᠨ᠎ᠠ ᠺᠠᠷᠤᠪᠪᠢᠤ᠋ ᠭᠦᠱᠸᠲᠲ ᠮᠣᠩᠭᠣᠯ  ᠳᠦ ᠠᠶᠢᠯᠴᠢᠯᠠᠨ᠎ᠠ  | News.MN

ᠮᠠᠷᠢᠨ᠎ᠠ ᠺᠠᠷᠤᠪᠪᠢᠤ᠋ ᠭᠦᠱᠸᠲᠲ ᠮᠣᠩᠭᠣᠯ  ᠳᠦ ᠠᠶᠢᠯᠴᠢᠯᠠᠨ᠎ᠠ 

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠶᠢᠨ ᠤᠷᠢᠯᠭ᠎ᠠ ᠪᠠᠷ ᠰᠸᠢᠰ ᠦᠨ ᠬᠣᠯᠪᠣᠭᠠᠨ ᠤ ᠤᠯᠤᠰ ᠤᠨ ᠦᠨᠳᠦᠰᠦᠨ ᠦ ᠵᠥᠪᠯᠡᠯ ᠦᠨ ᠳᠠᠷᠤᠭ᠎ᠠ᠂ ᠬᠠᠲᠤᠭᠲᠠᠢ ᠮᠠᠷᠢᠨ᠎ᠠ ᠺᠠᠷᠤᠪᠪᠢᠤ᠋ ᠭᠦᠱᠸᠲᠲ ᠲᠡᠷᠢᠭᠦᠲᠡᠢ ᠲᠥᠯᠥᠭᠡᠯᠡᠭᠴᠢᠳ 2019 ᠣᠨ ᠤ 06  ᠳ᠋ᠤᠭᠠᠷ ᠰᠠᠷ᠎ᠠ ᠶᠢᠨ 23 ᠍-26 ᠳᠤ ᠮᠣᠩᠭᠣᠯ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠨ᠎ᠡ᠃ ᠠᠶᠢᠯᠴᠢᠯᠠᠯ ᠤᠨ ᠦᠶ᠎ᠡ ᠪᠡᠷ ᠭ∙ᠽᠠᠨᠳᠠᠨᠰᠢᠲᠠᠷ᠎ᠠ ᠂ ᠮᠠᠷᠢᠨ᠎ᠠ ᠺᠠᠷᠤᠪᠪᠢᠤ᠋ ᠭᠦᠱᠸᠲᠲ ᠨᠠᠷ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠲᠠᠯ᠎ᠠ ᠶᠢᠨ ᠬᠠᠷᠢᠯᠴᠠᠭ᠎ᠠ᠂ ᠫᠠᠷᠯᠠᠮᠧᠨᠲ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠪᠣᠯᠤᠨ ᠬᠠᠷᠢᠯᠴᠠᠨ ᠰᠣᠨᠢᠷᠬᠠᠭᠰᠠᠨ ᠪᠤᠰᠤᠳ ᠠᠰᠠᠭᠤᠳᠠᠯ ᠢᠶᠠᠷ ᠰᠠᠨᠠᠯ ᠰᠣᠯᠢᠯᠴᠠᠨ᠎ᠠ᠃ ᠠᠶᠢᠯᠴᠢᠯᠠᠯ ᠤᠨ ᠬᠦᠷᠢᠶᠡᠨ ᠳᠦ ᠬᠠᠲᠤᠭᠲᠠᠢ ᠮᠠᠷᠢᠨ᠎ᠠ ᠺᠠᠷᠤᠪᠪᠢᠤ᠋ ᠭᠦᠱᠸᠲᠲ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠳᠤ ᠪᠠᠷᠠᠭᠠᠯᠬᠠᠵᠤ᠂ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠳ ∙ᠴᠣᠭᠲᠤᠪᠠᠭᠠᠲᠤᠷ ᠲᠠᠢ ᠠᠭᠤᠯᠵᠠᠬᠤ ᠶᠤᠮ᠃

ᠰᠡᠳᠬᠢᠭᠳᠡᠯ ᠦᠯᠡᠳᠡᠭᠡᠬᠦ