ᠴᠣᠭᠲᠤᠪᠠᠭᠠᠲᠤᠷ ᠲᠣᠮᠠᠰ ᠭᠷᠸᠮᠢᠩᠸᠷ ᠢ ᠬᠦᠯᠢᠶᠡᠨ ᠠᠪᠴᠤ ᠠᠭᠤᠯᠵᠠᠪᠠ  | News.MN

ᠴᠣᠭᠲᠤᠪᠠᠭᠠᠲᠤᠷ ᠲᠣᠮᠠᠰ ᠭᠷᠸᠮᠢᠩᠸᠷ ᠢ ᠬᠦᠯᠢᠶᠡᠨ ᠠᠪᠴᠤ ᠠᠭᠤᠯᠵᠠᠪᠠ 

ᠭᠠᠳᠠᠭᠠᠳᠤ ᠬᠠᠷᠢᠯᠴᠠᠭᠠᠨ ᠤ ᠰᠠᠶᠢᠳ ᠳ∙ᠴᠣᠭᠲᠤᠪᠠᠭᠠᠲᠤᠷ ᠮᠣᠩᠭᠣᠯ ᠤᠯᠤᠰ ᠲᠤ ᠠᠶᠢᠯᠴᠢᠯᠠᠵᠤ ᠪᠤᠢ ᠧᠦ᠋ᠷᠣᠫᠠ ᠶᠢᠨ ᠠᠶᠤᠯᠭᠦᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠲᠣᠮᠠᠰ ᠭᠷᠸᠮᠢᠩᠸᠷ  ᠢ 6 ᠳ᠋ᠤᠭᠠᠷ ᠰᠠᠷ᠎ᠠ ᠶᠢᠨ 21 ᠦ ᠡᠳᠦᠷ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠶᠢᠨ ᠦᠶ᠎ᠡ ᠪᠡᠷ ᠲᠠᠯ᠎ᠠ ᠨᠤᠭᠤᠳ ᠮᠣᠩᠭᠣᠯ᠂ ᠧᠦ᠋ᠷᠣᠫᠠ ᠶᠢᠨ ᠠᠶᠤᠯᠭᠦᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠬᠣᠭᠣᠷᠣᠨᠳᠣ ᠡᠷᠴᠢᠮᠲᠡᠢ ᠬᠥᠭᠵᠢᠵᠦ ᠪᠤᠢ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠤ ᠰᠡᠳᠬᠢᠯ ᠬᠠᠩᠭᠠᠯᠤᠭᠤᠨ ᠪᠤᠢ  ᠪᠠᠨ ᠲᠡᠮᠳᠡᠭᠯᠡᠭᠡᠳ ᠡᠭᠦᠨ ᠦ ᠨᠢᠭᠡ ᠲᠣᠳᠣ ᠢᠯᠡᠷᠡᠯ ᠨᠢ ᠡᠨᠡ ᠰᠠᠷ᠎ᠠ ᠶᠢᠨ 20-21 ᠦ ᠡᠳᠦᠷ ᠦᠳ ᠲᠦ ᠤᠯᠠᠭᠠᠨᠪᠠᠭᠠᠲᠤᠷ ᠬᠤᠲᠠ ᠳᠤ ᠪᠤᠯᠤᠭᠰᠠᠨ ︽ᠲᠧᠷᠷᠣᠷᠢᠰᠮ ᠳᠤ ᠲᠤᠷᠬᠢᠷᠠᠵᠤ ᠪᠤᠢ ᠬᠦᠴᠦᠷᠬᠡᠶᠢᠯᠡᠯ ᠳᠠᠭᠠᠭᠤᠯᠤᠭᠰᠠᠨ ᠡᠺᠰᠲᠷᠧᠮᠢᠰᠮ᠂ ᠷᠠᠳᠢᠺᠠᠯᠴᠢᠯᠠᠯ ᠠᠴᠠ ᠤᠷᠢᠳᠴᠢᠯᠠᠨ ᠰᠡᠷᠭᠡᠶᠢᠯᠡᠬᠦ᠂ ᠲᠡᠮᠡᠴᠡᠬᠦ ᠳᠦ ᠨᠡᠶᠢᠭᠡᠮ ᠢ ᠬᠠᠨᠳᠤᠭᠤᠯᠬᠤ ᠨᠢ︾ ᠰᠡᠳᠦᠪᠲᠦ ᠪᠥᠰᠡ ᠨᠤᠲᠤᠭ ᠤᠨ ᠪᠠᠭ᠎ᠠ ᠬᠤᠷᠠᠯ ᠪᠣᠯᠬᠤ ᠶᠢ ᠣᠨᠴᠠᠯᠠᠪᠠ᠃
ᠨᠠᠷᠢᠨ ᠪᠢᠴᠢᠭ ᠦᠨ ᠳᠠᠷᠤᠭ᠎ᠠ ᠲᠣᠮᠠᠰ ᠭᠷᠸᠮᠢᠩᠸᠷ ᠬᠦᠮᠦᠨ ᠦ ᠮᠠᠶᠢᠮᠠᠢ᠂ ᠠᠪᠯᠢᠭ᠎ᠠ᠂ ᠲᠧᠷᠷᠣᠷᠢᠰᠮ ᠪᠣᠯᠤᠨ ᠮᠥᠩᠭᠥ ᠤᠭᠢᠶᠠᠬᠤ ᠲᠠᠢ ᠲᠡᠮᠡᠴᠡᠬᠦ᠂ ᠺᠢᠪᠧᠷ ᠠᠶᠤᠯᠭᠦᠢ ᠪᠠᠶᠢᠳᠠᠯ ᠢ ᠬᠠᠩᠭᠠᠬᠤ ᠴᠢᠭᠯᠡᠯ ᠢᠶᠡᠷ ᠮᠣᠩᠭᠣᠯ ᠤᠯᠤᠰ ᠲᠠᠢ ᠢᠳᠡᠪᠬᠢᠲᠡᠢ ᠬᠠᠮᠲᠤᠷᠠᠨ ᠠᠵᠢᠯᠯᠠᠬᠤ᠂ ᠡᠳᠡᠭᠡᠷ ᠰᠠᠯᠪᠤᠷᠢ ᠳᠤ ᠠᠵᠢᠯᠯᠠᠵᠤ ᠪᠤᠢ ᠠᠯᠪᠠᠨ ᠬᠠᠭᠠᠭᠴᠢᠳ ᠢ ᠴᠢᠳᠠᠪᠬᠢᠵᠢᠭᠤᠯᠬᠤ ᠠᠰᠠᠭᠤᠳᠠᠯ ᠳᠤ ᠳᠡᠮᠵᠢᠯᠭᠡ ᠦᠵᠡᠭᠦᠯᠵᠦ᠂ ᠬᠠᠮᠲᠤ ᠶᠢᠨ ᠠᠵᠢᠯᠯᠠᠭ᠎ᠠ  ᠪᠠᠨ ᠰᠢᠨ᠎ᠡ ᠴᠢᠭᠯᠡᠯ ᠦᠳ ᠲᠦ ᠥᠷᠭᠡᠵᠢᠭᠦᠯᠬᠦ ᠪᠡᠨ ᠢᠯᠡᠷᠬᠡᠶᠢᠯᠡᠪᠡ᠃ ᠡᠨᠡ ᠬᠦᠷᠢᠶᠡᠨ ᠳᠦ ᠢᠷᠡᠬᠦ 8 ᠳ᠋ᠤᠭᠠᠷ ᠰᠠᠷ᠎ᠠ ᠶᠢᠨ 26-30  ᠳᠦ ︽ᠰᠤᠶᠤᠯ ᠤᠨ ᠥᠪ ᠢ ᠬᠠᠤᠯᠢ ᠪᠤᠰᠤ ᠪᠠᠷ ᠬᠢᠯᠢ ᠳᠠᠪᠠᠭᠤᠯᠤᠨ ᠬᠤᠳᠠᠯᠳᠤᠭᠠᠯᠠᠬᠤ ᠲᠠᠢ ᠲᠡᠮᠡᠴᠡᠬᠦ︾ ᠰᠡᠳᠦᠪ  ᠪᠦᠬᠦᠢ ᠰᠧᠮᠢᠨᠠᠷ ᠪᠣᠯᠤᠨ  ︽ᠮᠡᠳᠡᠭᠡᠯᠡᠯ᠂ ᠳ᠋ᠦᠩ ᠰᠢᠨᠵᠢᠯᠡᠭᠡᠨ ᠳᠦ ᠲᠤᠯᠭᠠᠭᠤᠷᠢᠯᠠᠭᠰᠠᠨ ᠴᠠᠭᠳᠠᠨ ᠰᠡᠷᠭᠡᠶᠢᠯᠡᠬᠦ᠂ ᠬᠠᠤᠯᠢ ᠰᠠᠬᠢᠭᠤᠯᠬᠤ ᠦᠢᠯᠡ ᠠᠵᠢᠯᠯᠠᠭ᠎ᠠ︾ ᠰᠡᠳᠦᠪᠲᠦ ᠰᠤᠷᠭᠠᠯᠲᠠ ᠶᠢ 10 ᠳ᠋ᠤᠭᠠᠷ ᠰᠠᠷ᠎ᠠ ᠶᠢᠨ 9 ᠍ ᠦ ᠡᠳᠦᠷ ᠲᠤᠰ ᠲᠤᠰ ᠤᠯᠠᠭᠠᠨᠪᠠᠭᠠᠲᠤᠷ ᠬᠤᠲᠠ ᠳᠤ ᠵᠣᠬᠢᠶᠠᠨ ᠪᠠᠶᠢᠭᠤᠯᠬᠤ ᠶᠤᠮ᠃

ᠰᠡᠳᠬᠢᠭᠳᠡᠯ ᠦᠯᠡᠳᠡᠭᠡᠬᠦ