Random House ᠶᠡᠷᠦᠩᠬᠡᠶᠢᠯᠡᠭᠴᠢ ᠶᠢᠨ ᠨᠣᠮ ᠢ ᠬᠡᠪᠯᠡᠨ᠎ᠡ | News.MN

Random House ᠶᠡᠷᠦᠩᠬᠡᠶᠢᠯᠡᠭᠴᠢ ᠶᠢᠨ ᠨᠣᠮ ᠢ ᠬᠡᠪᠯᠡᠨ᠎ᠡ

ᠳᠡᠯᠡᠬᠡᠢ ᠶᠢᠨ ᠲᠣᠮᠣᠬᠠᠨ ᠺᠤᠷᠫᠤᠷᠠᠼ ᠤᠳ ᠤᠨ ᠨᠢᠭᠡ᠂ ᠨᠣᠮ ᠦᠢᠯᠡᠳᠪᠦᠷᠢᠯᠡᠯ ᠦᠨ Penguin Random House ᠺᠣᠮᠫᠠᠨᠢ ᠶᠢᠨ ᠰᠢᠩᠭᠠᠫᠦᠷ ᠳᠠᠬᠢ ᠲᠥᠪ ᠡᠴᠡ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠶᠢᠨ ᠲᠤᠬᠠᠢ ᠨᠣᠮ ᠢ ᠭᠠᠷᠭᠠᠬᠤ ᠡᠷᠬᠡ ᠶᠢ ᠬᠤᠳᠠᠯᠳᠤᠵᠤ ᠠᠪᠤᠭᠰᠠᠨ ᠭᠡᠵᠦ ᠵᠠᠷᠯᠠᠯ᠎ᠠ᠃
ᠵᠣᠬᠢᠶᠠᠯᠴᠢ᠂ ᠰᠡᠳᠬᠦᠯᠴᠢ ᠳ∙ᠲᠦᠷᠦᠮᠦ᠋ᠩᠬᠡ ᠶᠢᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠤᠬᠠᠢ ᠪᠦᠲᠦᠭᠡᠯ ᠢ᠂ ᠮᠥᠨ ᠵᠣᠬᠢᠶᠠᠯᠴᠢ ᠶᠢᠨ ︽ᠰᠠᠨᠺᠠᠷᠠ︾ ᠡᠰᠰᠸ ᠷᠣᠮᠠᠨ ᠢ ᠡᠨᠡ ᠤᠨ ᠳᠤ ᠪᠠᠭᠲᠠᠭᠠᠨ ᠠᠩᠭᠯᠢ᠂ ᠬᠢᠲᠠᠳ ᠬᠡᠯᠡ ᠪᠡᠷ ᠲᠤᠰ ᠪᠦᠷᠢ 20 ᠮᠢᠩᠭᠠᠨ ᠬᠤᠪᠢ ᠬᠡᠪᠯᠡᠬᠦ ᠶᠤᠮ ᠪᠠᠶᠢᠨ᠎ᠠ᠃ Penguin Random House ᠺᠣᠮᠫᠠᠨᠢ ᠶᠢᠨ ᠵᠡᠭᠦᠨ ᠡᠮᠦᠨᠡᠲᠦ ᠠᠽᠢᠶ᠎ᠠ ᠬᠠᠷᠢᠭᠤᠴᠠᠭᠰᠠᠨ ᠵᠠᠬᠢᠷᠤᠯ ᠭᠠᠦ᠋ᠷᠠᠪ ᠱᠷᠢᠨᠠᠭ᠍ᠸᠱ᠄ ᠮᠣᠩᠭᠣᠯ ᠤᠯᠤᠰ ᠤᠨ ᠶᠡᠷᠦᠩᠬᠡᠶᠢᠯᠡᠭᠴᠢ ᠡᠩ ᠦᠨ ᠪᠤᠰᠤ ᠠᠮᠢᠳᠤᠷᠠᠯ ᠢ ᠲᠤᠭᠤᠯᠤᠭᠰᠠᠨ ᠪᠥᠭᠡᠳ ᠲᠡᠭᠦᠨ ᠦ ᠠᠮᠢᠳᠤᠷᠠᠯ ᠤᠨ ᠲᠡᠦᠬᠡ ᠵᠡᠭᠦᠨ ᠡᠮᠦᠨᠡᠲᠦ ᠠᠽᠢᠶ᠎ᠠ ᠶᠢᠨ ᠭᠠᠶᠢᠬᠠᠮᠰᠢᠭᠲᠤ ᠠᠮᠢᠳᠤᠷᠠᠯ ᠲᠠᠢ ᠬᠦᠮᠦᠰ ᠦᠨ ᠲᠡᠦᠬᠡ ᠶᠢᠨ ᠰᠠᠩ ᠳᠤ ᠦᠨ᠎ᠡ ᠲᠡᠢ ᠪᠠᠶᠢᠷᠢ ᠰᠠᠭᠤᠷᠢ ᠡᠵᠡᠯᠡᠬᠦ ᠪᠣᠯᠤᠨ᠎ᠠ ᠬᠡᠮᠡᠨ ᠦᠭᠦᠯᠡᠵᠡᠢ᠃

ᠰᠡᠳᠬᠢᠭᠳᠡᠯ ᠦᠯᠡᠳᠡᠭᠡᠬᠦ