ᠬᠠᠷᠠᠬᠣᠷᠢᠨ ‍ᠣ ᠬᠠᠮᠲᠤ ᠶᠢᠨ ᠠᠵᠢᠯᠯᠠᠭ᠎ᠠ ᠶᠢ ᠲᠠᠪᠤᠨ ᠵᠢᠯ ᠢᠶᠡᠷ ᠰᠤᠩᠭᠠᠯ᠎ᠠ  | News.MN

ᠬᠠᠷᠠᠬᠣᠷᠢᠨ ‍ᠣ ᠬᠠᠮᠲᠤ ᠶᠢᠨ ᠠᠵᠢᠯᠯᠠᠭ᠎ᠠ ᠶᠢ ᠲᠠᠪᠤᠨ ᠵᠢᠯ ᠢᠶᠡᠷ ᠰᠤᠩᠭᠠᠯ᠎ᠠ 

ᠮᠣᠩᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠲᠡᠦᠬᠡ ᠠᠷᠾᠸᠦᠯᠦᠭᠢ ᠶᠢᠨ ᠬᠦᠷᠢᠶᠡᠯᠡᠩ᠂ ᠪᠤᠨ ᠤ ᠶᠡᠬᠡ ᠰᠤᠷᠭᠠᠭᠤᠯᠢ ᠶᠢᠨ ᠡᠪᠦᠭᠡ ᠪᠠ ᠡᠷᠲᠡᠨ ᠦ ᠲᠡᠦᠬᠡ ᠶᠢᠨ ᠠᠷᠾᠸᠦᠯᠦᠭᠢ  ᠶᠢᠨ ᠬᠦᠷᠢᠶᠡᠯᠡᠩ ᠲᠡᠢ ᠥᠩᠭᠡᠷᠡᠭᠰᠡᠨ 15 ᠵᠢᠯ ᠳᠦ ᠮᠣᠩᠭᠣᠯ ᠤᠨ ᠡᠷᠲᠡᠨ ᠦ ᠨᠡᠶᠢᠰᠯᠡᠯ ᠬᠠᠷᠠᠬᠤᠷᠤᠮ ᠬᠣᠲᠠ᠂ ᠬᠣᠲᠠ ᠣᠷᠴᠢᠮ ᠤᠨ ᠮᠠᠯᠲᠠᠯᠭ᠎ᠠ᠂ ᠰᠤᠳᠤᠯᠭᠠᠨ ᠤ ᠬᠠᠮᠲᠤᠷᠠᠭᠰᠠᠨ ᠠᠵᠢᠯ ᠢ ᠠᠮᠵᠢᠯᠲᠠ ᠲᠠᠢ ᠬᠡᠷᠡᠭᠵᠢᠭᠦᠯᠵᠦ ᠢᠷᠡᠭᠰᠡᠨ᠃
ᠡᠨᠡᠬᠦ ᠡᠷᠳᠡᠮ ᠰᠢᠨᠵᠢᠯᠡᠭᠡᠨ ᠦ ᠬᠠᠮᠲᠤ ᠶᠢᠨ ᠠᠵᠢᠯᠯᠠᠭᠠᠨ ᠤ ᠦᠷ᠎ᠡ ᠳ᠋ᠦᠩ ᠢ 2006 ᠣᠨ ᠳᠤ ᠲᠡᠮᠳᠡᠭᠯᠡᠨ ᠥᠩᠭᠡᠷᠡᠭᠦᠯᠦᠭᠰᠡᠨ ᠶᠡᠬᠡ ᠮᠣᠩᠭᠣᠯ ᠤᠯᠤᠰ ᠪᠠᠶᠢᠭᠤᠯᠤᠭᠳᠠᠭᠰᠠᠨ ᠤ 800 ᠵᠢᠯ ᠦᠨ ᠣᠢ ᠶᠢᠨ ᠪᠠᠶᠠᠷ᠂ ᠧᠦ᠋ᠷᠣᠫᠠ ᠶᠢᠨ ᠣᠯᠠᠨ ᠤᠯᠤᠰ ᠲᠤ ᠵᠣᠬᠢᠶᠠᠨ ᠪᠠᠶᠢᠭᠤᠯᠤᠭᠰᠠᠨ ︽ᠴᠢᠩᠭᠢᠰ ᠬᠠᠭᠠᠨ ᠪᠠ ᠲᠡᠭᠦᠨ ᠦ ᠥᠪ ᠵᠠᠯᠭᠠᠮᠵᠢᠯᠠᠭᠴᠢᠳ᠂ ᠮᠣᠩᠭᠣᠯ ᠤᠨ ᠡᠵᠡᠨᠲᠦ ᠭᠦᠷᠦᠨ ︾ ᠦᠵᠡᠰᠬᠦᠯᠡᠩ ᠦᠨ ᠦᠶ᠎ᠡ ᠪᠡᠷ ᠣᠯᠠᠨ ᠤᠯᠤᠰ ᠤᠨ ᠬᠡᠮᠵᠢᠶᠡᠨ ᠳᠦ ᠥᠨᠳᠥᠷ ᠦᠨᠡᠯᠡᠭᠰᠡᠨ ᠪᠢᠯᠡ᠃ ᠲᠡᠭᠦᠨᠴᠢᠯᠡᠨ ᠲᠦᠩᠱᠢᠯᠡᠭᠴᠢ ᠡᠷᠳᠡᠮ ᠰᠢᠨᠵᠢᠯᠡᠭᠡᠨ ᠦ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠥᠩᠭᠡᠷᠡᠭᠰᠡᠨ ᠵᠢᠯ ᠦᠳ ᠲᠤ ᠥᠭᠡᠷ᠎ᠡ ᠣᠯᠠᠨ ᠢᠳᠡᠪᠬᠢᠲᠡᠢ ᠦᠢᠯᠡ ᠠᠵᠢᠯᠯᠠᠭ᠎ᠠ ᠪᠠᠷ ᠪᠠᠶᠠᠵᠢᠵᠤ ᠢᠷᠡᠭᠰᠡᠨ ᠪᠥᠭᠡᠳ ᠲᠡᠭᠦᠨ ᠦ ᠳᠣᠲᠣᠷ᠎ᠠ ᠪᠤᠨ ᠤ ᠶᠡᠬᠡ ᠰᠤᠷᠭᠠᠭᠤᠯᠢ ᠭᠸᠷᠮᠡᠨ ᠳᠦ ᠡᠷᠳᠡᠮ ᠦᠨ ᠵᠡᠷᠭᠡ ᠬᠠᠮᠠᠭᠠᠯᠠᠬᠤ ᠪᠣᠯᠤᠮᠵᠢ ᠣᠯᠭᠣᠬᠤ ᠵᠠᠮ ᠢᠶᠠᠷ ᠮᠣᠩᠭᠣᠯ ᠤᠨ ᠵᠠᠯᠠᠭᠤ  ᠠᠷᠾᠸᠦᠯᠦᠭᠢᠴᠢᠳ ᠤᠨ ᠡᠷᠳᠡᠮ ᠦᠨ ᠦᠢᠯᠡᠰ ᠢ ᠳᠡᠮᠵᠢᠵᠦ ᠢᠷᠡᠵᠡᠢ᠃

ᠰᠡᠳᠬᠢᠭᠳᠡᠯ ᠦᠯᠡᠳᠡᠭᠡᠬᠦ