ᠡᠷᠳᠡᠮᠲᠡᠳ᠂ ᠬᠤᠲᠤᠭᠲᠤ ᠨᠤᠭᠤᠳ ᠨᠣᠮ ᠬᠠᠶᠠᠯᠴᠠᠵᠤ ᠪᠠᠶᠢᠨ᠎ᠠ  | News.MN

ᠡᠷᠳᠡᠮᠲᠡᠳ᠂ ᠬᠤᠲᠤᠭᠲᠤ ᠨᠤᠭᠤᠳ ᠨᠣᠮ ᠬᠠᠶᠠᠯᠴᠠᠵᠤ ᠪᠠᠶᠢᠨ᠎ᠠ 

ᠠᠽᠢᠶ᠎ᠠ ᠶᠢᠨ ᠪᠤᠳ᠋ᠳ᠋ᠾᠠᠶᠢᠰᠲ ᠤᠳ ᠤᠨ ᠡᠩᠬᠡ ᠲᠠᠶᠢᠪᠤᠩ ᠤᠨ ᠪᠠᠭ᠎ᠠ ᠬᠤᠷᠠᠯ ᠤᠨ ᠠᠷᠪᠠᠨ ᠨᠢᠭᠡᠳᠦᠭᠡᠷ ᠶᠡᠷᠦᠩᠬᠡᠢ ᠴᠢᠭᠤᠯᠭᠠᠨ ᠤ ᠬᠦᠷᠢᠶᠡᠨ ᠳᠦ᠂ ︽ ᠬᠤᠷᠢᠨ ᠨᠢᠭᠡᠳᠦᠭᠡᠷ ᠵᠠᠭᠤᠨ ᠤ ᠪᠤᠳ᠋ᠳ᠋ᠾᠠ ᠶᠢᠨ ᠥᠪ ᠰᠤᠶᠤᠯ᠂ ᠦᠨᠡᠲᠦ ᠵᠦᠢᠯᠡᠰ︾ ᠰᠡᠳᠦᠪᠲᠦ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠭᠠᠨᠳᠠᠨᠳᠡᠭᠴᠢᠯᠡᠨ ᠬᠡᠶᠢᠳ ᠦᠨ  ︽ᠪᠠᠲᠤᠴᠠᠭᠠᠨ︾ ᠴᠣᠭᠴᠢᠨ ᠳᠤᠭᠠᠩ ᠳᠤ  ᠬᠤᠶᠠᠳᠠᠬᠢ ᠡᠳᠦᠷ ᠢᠶᠡᠨ ᠦᠷᠭᠦᠯᠵᠢᠯᠡᠵᠦ ᠪᠠᠶᠢᠨ᠎ᠠ᠃ ᠥᠨᠥᠳᠥᠷ ᠣᠷᠣᠰ ᠤᠨ ᠪᠤᠷᠢᠶᠠᠳ᠂ ᠲᠤᠸᠠ᠂ ᠡᠨᠡᠳᠬᠡᠭ᠂ ᠰᠷᠢᠯᠠᠨᠺᠠ᠂ ᠨᠸᠫᠠᠯ ᠂ ᠶᠠᠫᠣᠨ᠂ ᠯᠠᠦ᠋ᠰ᠂ ᠺᠠᠮᠪᠤᠵᠠ ᠵᠡᠷᠭᠡ ᠤᠯᠤᠰ ᠠᠴᠠ ᠢᠷᠡᠭᠰᠡᠨ ᠵᠣᠴᠢᠳ ᠲᠤ ᠮᠣᠩᠭᠣᠯ ᠤᠨ ᠡᠷᠳᠡᠮᠲᠡᠨ ᠰᠤᠳᠤᠯᠤᠭᠠᠴᠢᠳ ᠢᠯᠡᠳᠬᠡᠯ ᠢᠶᠡᠨ ᠰᠣᠨᠣᠷᠳᠠᠭᠤᠯᠵᠤ ᠪᠠᠶᠢᠭ᠎ᠠ ᠶᠤᠮ᠃ ᠡᠷᠳᠡᠮ ᠰᠢᠨᠵᠢᠯᠡᠭᠡᠨ ᠦ ᠬᠤᠷᠠᠯ ᠳᠤ ᠰᠢᠨᠵᠢᠯᠡᠬᠦ ᠤᠬᠠᠭᠠᠨ ᠤ ᠠᠺᠠᠳᠧᠮᠢ ᠶᠢᠨ ᠲᠡᠷᠢᠭᠦᠨ ᠳᠡᠳ᠋ ᠶᠡᠷᠦᠩᠬᠡᠶᠢᠯᠡᠭᠴᠢ᠂ ᠠᠺᠠᠳᠧᠮᠢᠴᠢ ᠭ∙ᠴᠢᠯᠠᠭᠤᠨᠪᠠᠭᠠᠲᠤᠷ᠂ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠦᠨ  ᠸᠢᠸ᠋ᠸ᠋ᠺᠠᠨᠠᠨᠳᠠ ᠰᠠᠩ ᠤᠨ ᠲᠡᠷᠢᠭᠦᠨ ᠠᠷᠸᠢᠨᠳ᠋ ᠭᠦᠫᠲ᠋ᠠ᠂ ᠣᠯᠠᠨ ᠤᠯᠤᠰ ᠤᠨ ᠪᠤᠳ᠋ᠳ᠋ᠾᠠ ᠶᠢᠨ ᠬᠣᠯᠪᠣᠭᠠᠨ ᠤ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠭᠡᠪᠰᠢ ᠵᠠᠩᠴᠦᠪ ᠴᠣᠶᠢᠳᠣᠨ ᠨᠠᠷ ᠮᠡᠨᠳᠦᠴᠢᠯᠡᠭᠡ ᠳᠡᠪᠰᠢᠭᠦᠯᠵᠡᠢ᠃
ᠬᠤᠷᠠᠯ ᠤᠨ ᠡᠬᠢᠨ ᠦ ᠬᠡᠰᠡᠭ ᠲᠦ  ︽ᠪᠤᠳ᠋ᠳ᠋ᠾᠠᠶᠢᠰᠮ ᠤᠨ ᠣᠶᠤᠨ ᠤ ᠦᠨᠡᠲᠦ ᠵᠦᠢᠯ ᠪᠠ ᠬᠦᠮᠦᠨ ᠲᠥᠷᠥᠯᠬᠢᠲᠡᠨ ᠦ ᠬᠥᠭᠵᠢᠯ ᠳᠡᠪᠰᠢᠯ︾᠂ ︽ᠨᠡᠶᠢᠭᠡᠮ ᠤᠨ ᠥᠭᠡᠷᠡᠴᠢᠯᠡᠯᠲᠡ ᠪᠠ ᠠᠽᠢᠶ᠎ᠠ ᠶᠢᠨ ᠪᠤᠳ᠋ᠳ᠋ᠾᠠᠶᠢᠰᠲ ᠤᠳ ᠤᠨ ᠡᠩᠬᠡ ᠲᠠᠶᠢᠪᠤᠩ ᠤᠨ ᠪᠠᠭ᠎ᠠ ᠬᠤᠷᠠᠯ ᠤᠨ ᠴᠢᠭ ᠬᠠᠨᠳᠤᠯᠭ᠎ᠠ︾᠂ ︽ᠳᠡᠯᠡᠬᠡᠢ ᠶᠢᠨ ᠪᠤᠷᠬᠠᠨ ᠤ ᠱᠠᠰᠢᠨ ᠤ ᠥᠪ ᠰᠤᠶᠤᠯ ᠳᠤ ᠮᠣᠩᠭᠣᠯᠴᠤᠳ ᠤᠨ ᠣᠷᠣᠭᠤᠯᠤᠭᠰᠠᠨ ᠬᠤᠪᠢ ᠨᠡᠮᠡᠷᠢ︾ ᠵᠡᠷᠭᠡ 18 ᠢᠯᠡᠳᠬᠡᠯ ᠢ ᠬᠡᠯᠡᠯᠴᠡᠵᠦ ᠪᠠᠶᠢᠭ᠎ᠠ ᠶᠤᠮ ᠃
ᠮᠣᠩᠭᠣᠯ ᠤᠯᠤᠰ ᠨᠢ ᠪᠤᠳ᠋ᠳ᠋ᠾᠠ ᠶᠢᠨ ᠥᠪ ᠰᠤᠶᠤᠯ ᠢ ᠬᠠᠮᠠᠭᠠᠯᠠᠬᠤ᠂ ᠥᠪᠯᠡᠭᠦᠯᠬᠦ ᠦᠨᠳᠦᠰᠦᠨ ᠦ ᠲᠥᠪ ᠦᠨ ᠬᠤᠪᠢ ᠳᠤ ᠡᠷᠳᠡᠮ ᠰᠢᠨᠵᠢᠯᠡᠭᠡᠨ ᠦ ᠬᠤᠷᠠᠯ ᠢᠶᠠᠷ ᠳᠠᠮᠵᠢᠭᠤᠯᠤᠨ 50 ᠵᠢᠯ ᠦᠨ ᠲᠤᠷᠰᠢ ᠶᠠᠪᠤᠭᠤᠯᠤᠭᠰᠠᠨ ᠡᠩᠬᠡ ᠶᠢᠨ ᠦᠢᠯᠡᠰ᠂ ᠴᠢᠨᠠᠭᠰᠢᠳᠠ ᠶᠢᠨ ᠦᠢᠯᠡ ᠠᠵᠢᠯᠯᠠᠭᠠᠨ ᠤ ᠴᠢᠭ ᠬᠠᠨᠳᠤᠯᠭ᠎ᠠ ᠶᠢ ᠲᠣᠳᠣᠷᠬᠠᠶᠢᠯᠠᠬᠤ ᠵᠣᠷᠢᠯᠭ᠎ᠠ ᠪᠠᠨ ᠴᠤ ᠢᠯᠡ ᠲᠣᠳᠣ ᠲᠠᠶᠢᠯᠪᠤᠷᠢᠯᠠᠵᠤ ᠪᠠᠶᠢᠨ᠎ᠠ᠃ ᠵᠢᠷᠭᠤᠳᠤᠭᠠᠷ ᠰᠠᠷ᠎ᠠ ᠶᠢᠨ 23 ᠤ ᠨᠢᠮ᠎ᠠ ᠭᠠᠷᠠᠭ ᠲᠤ ᠭᠠᠳᠠᠭᠠᠳᠤ ᠶᠢᠨ 20 ᠭᠠᠷᠤᠢ ᠡᠷᠳᠡᠮᠲᠡᠨ ᠰᠤᠳᠤᠯᠤᠭᠠᠴᠢ ᠢᠯᠡᠳᠬᠡᠯ ᠲᠠᠯᠪᠢᠵᠤ ᠬᠡᠯᠡᠯᠴᠡᠭᠦᠯᠬᠦ ᠠᠵᠡᠢ᠃

ᠰᠡᠳᠬᠢᠭᠳᠡᠯ ᠦᠯᠡᠳᠡᠭᠡᠬᠦ