ᠰᠣᠭᠲᠣᠭᠤ ᠵᠠᠯᠠᠭᠤ ᠠᠮᠢ ᠪᠠᠨ ᠬᠤᠤᠷᠯᠠᠬᠤ ᠭᠡᠵᠦ ᠣᠷᠣᠯᠳᠤᠵᠠᠢ | News.MN

ᠰᠣᠭᠲᠣᠭᠤ ᠵᠠᠯᠠᠭᠤ ᠠᠮᠢ ᠪᠠᠨ ᠬᠤᠤᠷᠯᠠᠬᠤ ᠭᠡᠵᠦ ᠣᠷᠣᠯᠳᠤᠵᠠᠢ

ᠨᠡᠶᠢᠰᠯᠡᠯ ᠦᠨ ᠬᠠᠨ ᠠᠭᠤᠯᠠ ᠳᠡᠭᠦᠷᠭᠡ ᠶᠢᠨ ᠨᠢᠭᠡᠳᠦᠭᠡᠷ ᠬᠣᠷᠢᠶᠠᠨ ᠳᠤ ᠪᠠᠶᠢᠷᠢᠨ ᠤ ᠳᠡᠭᠡᠪᠦᠷ ᠳᠡᠭᠡᠷ᠎ᠡ ᠡᠴᠡ 29 ᠨᠠᠰᠤᠲᠠᠢ ᠡᠷᠡᠭᠲᠡᠢ ᠠᠮᠢ ᠪᠠᠨ ᠬᠤᠤᠷᠯᠠᠬᠤ ᠭᠡᠵᠦ ᠣᠷᠣᠯᠳᠤᠵᠠᠢ᠃ ᠲᠣᠳᠣᠷᠠᠭᠤᠯᠪᠠᠯ᠂ ᠤᠷᠵᠢᠳᠤᠷ 09᠄ 06 ᠴᠠᠭ ᠲᠤ ᠨᠡᠶᠢᠰᠯᠡᠯ ᠦᠨ ᠣᠨᠴᠠᠭᠠᠢ ᠪᠠᠶᠢᠳᠠᠯ ᠤᠨ ᠭᠠᠵᠠᠷ ᠲᠤ ᠳᠡᠭᠡᠷᠡᠬᠢ ᠬᠡᠷᠡᠭ ᠦᠨ ᠲᠠᠯ᠎ᠠ ᠪᠠᠷ ᠳᠠᠭᠤᠳᠠᠯᠭ᠎ᠠ ᠢᠷᠡᠵᠡᠢ᠃ ᠤᠯᠠᠮ ᠢᠶᠠᠷ ᠠᠯᠪᠠ ᠬᠠᠭᠠᠭᠴᠢᠳ ᠴᠠᠭ ᠠᠯᠳᠠᠯ ᠦᠭᠡᠢ ᠣᠴᠢᠬᠤ ᠳᠤ ᠲᠤᠰ ᠬᠣᠷᠢᠶᠠᠨ ᠤ ᠣᠷᠣᠰᠢᠨ ᠰᠠᠭᠤᠭᠴᠢ 29 ᠨᠠᠰᠤᠲᠠᠢA ᠨᠢ ᠰᠤᠭᠳᠤᠭᠤᠷᠠᠭᠤᠯᠬᠤ ᠤᠮᠳᠠᠭᠠᠨ ᠬᠡᠷᠡᠭᠯᠡᠭᠰᠡᠨ ᠦᠶ᠎ᠡ ᠳᠦ ᠪᠡᠨ ᠳᠡᠭᠡᠪᠦᠷ ᠳᠡᠭᠡᠷ᠎ᠡ ᠡᠴᠡ ᠦᠰᠦᠷᠬᠦ ᠭᠡᠵᠦ ᠪᠠᠶᠢᠭᠰᠠᠨ ᠢ ᠶᠠᠷᠢᠯᠴᠠᠯᠭ᠎ᠠ ᠬᠢᠵᠤ ᠪᠠᠶᠢᠭᠠᠳ ᠪᠠᠭᠤᠯᠭᠠᠵᠤ᠂ ᠴᠠᠭᠳᠠᠭ᠎ᠠ ᠶᠢᠨ ᠪᠠᠶᠢᠭᠤᠯᠤᠯᠭ᠎ᠠ ᠳᠤ ᠬᠦᠯᠢᠶᠡᠯᠭᠡᠨ ᠥᠭᠴᠡᠢ᠃

ᠰᠡᠳᠬᠢᠭᠳᠡᠯ ᠦᠯᠡᠳᠡᠭᠡᠬᠦ