ᠠᠷᠠᠳᠴᠢᠯᠠᠭᠰᠠᠨ ᠨᠠᠮ ᠤᠨ ᠵᠠᠯᠠᠭᠤᠰ ᠠᠭᠤᠯᠵᠠᠨ᠎ᠠ | News.MN

ᠠᠷᠠᠳᠴᠢᠯᠠᠭᠰᠠᠨ ᠨᠠᠮ ᠤᠨ ᠵᠠᠯᠠᠭᠤᠰ ᠠᠭᠤᠯᠵᠠᠨ᠎ᠠ

ᠠᠷᠠᠳᠴᠢᠯᠠᠭᠰᠠᠨ ᠨᠠᠮ ᠤᠨ ᠵᠠᠯᠠᠭᠤᠰ ᠤᠨ ᠴᠢᠭᠤᠯᠭ᠎ᠠ ᠠᠭᠤᠯᠵᠠᠯᠲᠠ ᠡᠨᠡ ᠰᠠᠷ᠎ᠠ ᠶᠢᠨ 28-30 ᠤ ᠡᠳᠦᠷ ᠦᠳ ᠲᠦ ᠪᠣᠯᠤᠨ᠎ᠠ᠃  ᠬᠥᠭᠵᠢᠯ ᠦᠨ ᠭᠠᠷᠴᠠ᠂ ᠰᠢᠨ᠎ᠡ ᠦᠶ᠎ᠡ ᠶᠢᠨ ᠰᠡᠳᠬᠢᠯᠭᠡᠨ ᠦ ᠡᠶᠡᠷᠭᠦ ᠬᠠᠨᠳᠤᠯᠭ᠎ᠠ ᠶᠢ ᠡᠷᠢᠯᠬᠢᠯᠡᠨ ᠰᠢᠨ᠎ᠡ ᠴᠠᠭ ᠢ ᠬᠠᠮᠲᠤ ᠳᠤ ᠪᠠᠨ ᠪᠦᠲᠦᠭᠡᠨ᠎ᠡ ᠬᠡᠮᠡᠨ ᠥᠪᠡᠷᠰᠡᠳ ᠢ ᠪᠡᠨ ᠲᠣᠳᠣᠷᠬᠠᠶᠢᠯᠠᠭᠰᠠᠨ ᠵᠠᠯᠠᠭᠤᠰ ᠡᠬᠡ ᠣᠷᠣᠨ ᠤ ᠨᠠᠷᠠᠨ ᠤᠷᠭᠤᠬᠤ ᠵᠦᠭ ᠳᠣᠷᠣᠨᠠᠲᠤ ᠠᠶᠢᠮᠠᠭ ᠠᠴᠠ ᠵᠡᠭᠦᠨ ᠪᠥᠰᠡ ᠶᠢᠨ ᠴᠢᠭᠤᠯᠭᠠᠨ ᠢᠶᠠᠨ ᠡᠬᠢᠯᠡᠭᠦᠯᠬᠦ ᠭᠡᠵᠦ ᠪᠠᠶᠢᠨ᠎ᠠ᠃ ᠵᠡᠭᠦᠨ ᠪᠥᠰᠡ ᠶᠢᠨ ᠴᠢᠭᠤᠯᠭᠠᠨ ᠳᠤ ᠳᠣᠷᠣᠨᠠᠲᠤ᠂ ᠰᠦᠬᠡᠪᠠᠭᠠᠲᠤᠷ᠂ ᠬᠡᠨᠲᠡᠢ ᠠᠶᠢᠮᠠᠭ᠂ ᠪᠠᠭᠠᠨᠠᠭᠤᠷ᠂ ᠨᠠᠯᠠᠶᠢᠬᠤ᠂ ᠪᠠᠶᠠᠨᠵᠢᠷᠦᠬᠡ ᠳᠡᠭᠦᠷᠭᠡ ᠨᠦᠭᠦᠳ ᠬᠠᠮᠤᠷᠤᠭᠳᠠᠬᠤ ᠪᠥᠭᠡᠳ ᠡᠨᠡ ᠰᠠᠷ᠎ᠠ ᠶᠢᠨ 28-30 ᠤ ᠡᠳᠦᠷ ᠦᠳ ᠲᠦ ᠳᠣᠷᠣᠨᠠᠲᠤ ᠠᠶᠢᠮᠠᠭ ᠤᠨ ᠪᠠᠶᠠᠨᠲᠦ᠋ᠮᠠᠨ ᠰᠤᠮᠤ ᠶᠢᠨ ᠨᠤᠲᠤᠭ ᠲᠤ ᠪᠣᠯᠬᠤ ᠶᠤᠮ᠃ ᠠᠷᠠᠳᠴᠢᠯᠠᠭᠰᠠᠨ ᠨᠠᠮ ᠵᠠᠯᠠᠭᠤᠰ ᠤᠨ ᠴᠢᠭᠤᠯᠭᠠᠨ ᠢᠶᠠᠨ ᠮᠥᠨ ᠬᠠᠩᠭᠠᠢ ᠶᠢᠨ ᠪᠥᠰᠡ᠂ ᠲᠥᠪ᠂ ᠭᠣᠪᠢ᠂ ᠪᠠᠷᠠᠭᠤᠨ ᠪᠦᠰᠡ ᠳᠦ  ᠵᠣᠬᠢᠶᠠᠨ ᠪᠠᠶᠢᠭᠤᠯᠬᠤ ᠶᠤᠮ᠃

 

ᠰᠡᠳᠬᠢᠭᠳᠡᠯ ᠦᠯᠡᠳᠡᠭᠡᠬᠦ