ᠤᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠬᠠᠷᠢᠶ᠎ᠠ ︽ᠠᠪᠤᠷᠠᠭᠴᠢ︾ ᠪᠡᠶ᠎ᠡ ᠶᠢᠨ ᠲᠠᠮᠢᠷ ᠲᠧᠭᠨᠢᠭ ᠰᠫᠣᠷᠲ ᠬᠣᠷᠢᠶᠠᠨ ᠤ ᠲᠠᠮᠢᠷᠴᠢᠨ ᠯ∙ᠠᠯᠲᠠᠨᠴᠡᠴᠡᠭ ᠮᠣᠩᠭᠣᠯ ᠤᠯᠤᠰ ᠤᠨ ᠭᠠᠪᠢᠶᠠᠲᠤ ᠳᠠᠰᠬᠠᠯᠵᠢᠭᠤᠯᠤᠭᠴᠢ ᠶᠣ᠊∙ᠲᠡᠮᠦᠷᠪᠠᠲᠤ ᠶᠢᠨ ᠨᠡᠷᠡᠮᠵᠢᠲᠦ ᠣᠯᠠᠨ ᠤᠯᠤᠰ ᠤᠨ ᠪᠣᠺᠰ ᠤᠨ ᠲᠡᠮᠡᠴᠡᠭᠡᠨ ᠦ 52 ᠺᠢᠯᠦᠭᠷᠡᠮ ᠦᠨ ᠵᠢᠩ ᠳᠦ ᠠᠯᠲᠠᠨ ᠮᠧᠳᠠᠯ ᠬᠦᠷᠲᠡᠯ᠎ᠡ᠃
ᠲᠤᠰ ᠲᠡᠮᠡᠴᠡᠭᠡᠨ ᠡᠨᠡ ᠰᠠᠷ᠎ᠠ ᠶᠢᠨ 20-23 ᠳᠦ ᠳᠣᠷᠣᠨᠠᠲᠤ ᠠᠶᠢᠮᠠᠭ ᠲᠤ ᠵᠣᠬᠢᠶᠠᠨ ᠪᠠᠶᠢᠭᠤᠯᠤᠭᠳᠠᠭᠰᠠᠨ ᠪᠥᠭᠡᠳ ᠣᠷᠣᠰ ᠤᠨ ᠴᠢᠲ᠋ᠠ᠂ ᠪᠤᠷᠽᠶᠠ᠂ ᠪᠤᠷᠢᠶᠠᠳ᠂ ᠬᠢᠲᠠᠳ ᠤᠨ ᠦᠪᠦᠷ ᠮᠤᠩᠭᠤᠯ ᠤᠨ ᠬᠠᠶᠢᠯᠠᠷ᠂ ᠮᠣᠩᠭᠣᠯ ᠤᠯᠤᠰ ᠤᠨ ᠰᠢᠭᠰᠢᠭᠡ ᠪᠠᠭ ᠤᠨ 100 ᠭᠠᠷᠤᠢ ᠲᠠᠮᠢᠷᠴᠢᠨ ᠣᠷᠣᠯᠴᠠᠭᠰᠠᠨ ᠪᠠᠶᠢᠨ᠎ᠠ ᠭᠡᠵᠦ ᠤᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠬᠠᠷᠢᠶ᠎ᠠ ︽ᠠᠪᠤᠷᠠᠭᠴᠢ︾ ᠪᠡᠶ᠎ᠡ ᠶᠢᠨ ᠲᠠᠮᠢᠷ ᠲᠧᠭᠨᠢᠭ ᠰᠫᠣᠷᠲ ᠬᠣᠷᠢᠶᠠᠨ ᠠᠴᠠ ᠮᠡᠳᠡᠭᠡᠯᠡᠯ᠎ᠡ᠃