ᠪᠣᠳᠣᠯᠭ᠎ᠠ ᠶᠢᠨ ᠬᠦᠦ ᠶᠢ 11 ᠬᠤᠪᠢ ᠳᠤ ᠬᠠᠳᠠᠭᠠᠯᠠᠨ᠎ᠠ | News.MN

ᠪᠣᠳᠣᠯᠭ᠎ᠠ ᠶᠢᠨ ᠬᠦᠦ ᠶᠢ 11 ᠬᠤᠪᠢ ᠳᠤ ᠬᠠᠳᠠᠭᠠᠯᠠᠨ᠎ᠠ

ᠮᠣᠩᠭᠣᠯ ᠪᠠᠩᠭᠢᠨ ᠤ ᠮᠥᠩᠭᠥᠨ ᠦ ᠪᠣᠳᠣᠯᠭ᠎ᠠ ᠶᠢᠨ ᠬᠣᠷᠢᠶ᠎ᠠ ᠥᠨᠥᠳᠥᠷ ᠬᠤᠷᠠᠯᠳᠤᠵᠤ ᠪᠣᠳᠣᠯᠭ᠎ᠠ ᠶᠢᠨ ᠬᠦᠦ ᠶᠢ 11 ᠬᠤᠪᠢ ᠳᠤ ᠬᠡᠪ ᠢᠶᠡᠷ ᠬᠠᠳᠠᠭᠠᠯᠠᠬᠤ ᠰᠢᠢᠳᠪᠦᠷᠢ ᠭᠠᠷᠭᠠᠯ᠎ᠠ᠃ ᠤᠭ ᠰᠢᠢᠳᠪᠦᠷᠢ ᠨᠢ ᠢᠨᠹᠯᠢᠶᠠᠼ ᠢ ᠵᠣᠷᠢᠯᠲᠠᠲᠤ ᠲᠦᠪᠰᠢᠨ ᠦ ᠣᠷᠴᠢᠮ ᠳᠤ ᠲᠣᠭᠲᠠᠪᠤᠷᠢᠵᠢᠭᠤᠯᠬᠤ᠂  ᠮᠠᠺᠷᠤ᠋ ᠡᠳ᠋ ᠍ ᠦᠨ ᠵᠠᠰᠠᠭ ᠤᠨ ᠪᠣᠯᠤᠨ ᠰᠠᠩᠬᠦᠦ ᠶᠢᠨ ᠳᠤᠮᠳᠠ ᠬᠤᠭᠤᠴᠠᠭᠠᠨ ᠤ ᠲᠣᠭᠲᠠᠪᠤᠷᠢᠲᠠᠢ ᠪᠠᠶᠢᠳᠠᠯ ᠢ ᠬᠠᠳᠠᠭᠠᠯᠠᠬᠤ ᠵᠣᠷᠢᠯᠲᠠ ᠲᠠᠢ ᠨᠡᠶᠢᠴᠡᠵᠦ ᠪᠤᠢ ᠶᠢ ᠣᠨᠴᠠᠯᠠᠯ᠎ᠠ᠃ ᠡᠨᠡ ᠲᠠᠯ᠎ᠠ ᠪᠠᠷ ᠮᠣᠩᠭᠣᠯ ᠪᠠᠩᠭᠢᠨ ᠤ ᠳᠡᠳ᠋ ᠶᠡᠷᠦᠩᠬᠡᠶᠢᠯᠡᠭᠴᠢ ᠪ∙ᠯᠾᠬᠠᠪᠠᠰᠦ᠋ᠷᠦᠩ᠄  ᠮᠠᠺᠷᠤ᠋ ᠡᠳ᠋  ᠦᠨ ᠵᠠᠰᠠᠭ ᠤᠨ ᠥᠨᠥ ᠶᠢᠨ ᠪᠠᠶᠢᠳᠠᠯ᠂ ᠢᠷᠡᠭᠡᠳᠦᠢ ᠶᠢᠨ ᠲᠥᠯᠥᠪ᠂ ᠭᠠᠳᠠᠭᠠᠳᠤ ᠳᠣᠲᠣᠭᠠᠳᠤ ᠣᠷᠴᠢᠨ ᠤ ᠲᠣᠳᠣᠷᠬᠠᠢ ᠪᠤᠰᠤ ᠪᠠᠶᠢᠳᠠᠯ᠂ ᠡᠷᠡᠰᠳᠡᠯ  ᠢ ᠬᠠᠷᠠᠭᠠᠯᠵᠠᠨ ᠦᠵᠡᠭᠡᠳ ᠪᠣᠳᠣᠯᠭ᠎ᠠ ᠶᠢᠨ ᠬᠦᠦ ᠶᠢ ᠡᠨᠡ ᠤᠳᠠᠭ᠎ᠠ ᠳᠤ ᠬᠡᠪ ᠢᠶᠡᠷ ᠪᠠᠶᠢᠯᠭᠠᠬᠤ ᠪᠠᠷ ᠰᠢᠢᠳᠪᠦᠷᠢᠯᠡᠯ᠎ᠡ᠃

ᠡᠳ᠋ ᠍ ᠦᠨ ᠵᠠᠰᠠᠭ ᠤᠨ ᠭᠠᠳᠠᠭᠠᠳᠤ ᠣᠷᠴᠢᠨ᠂ ᠳᠣᠲᠣᠭᠠᠳᠤ ᠢᠳᠡᠪᠬᠢᠵᠢᠯ ᠢ ᠬᠠᠷᠠᠭᠠᠯᠵᠠᠨ ᠦᠵᠡᠬᠦ ᠳᠦ ᠢᠨᠹᠯᠢᠶᠠᠼ ᠵᠣᠷᠢᠯᠲᠠᠲᠤ ᠲᠦᠪᠰᠢᠨ ᠦ ᠣᠷᠴᠢᠮ ᠳᠤ ᠲᠣᠭᠲᠠᠪᠤᠷᠢᠵᠢᠬᠤ ᠬᠠᠨᠳᠤᠯᠭ᠎ᠠ ᠬᠡᠪ ᠢᠶᠡᠷ ᠪᠠᠶᠢᠨ᠎ᠠ᠃
ᠵᠢᠯ ᠦᠨ ᠢᠨᠹᠯᠢᠶᠠᠼ 2019 ᠣᠨ ᠤ ᠲᠠᠪᠤᠳᠤᠭᠠᠷ ᠰᠠᠷ᠎ᠠ ᠳᠤ ᠤᠯᠤᠰ ᠤᠨ ᠬᠡᠮᠵᠢᠶᠡᠨ ᠳᠦ 7.9 ᠬᠤᠪᠢ ᠲᠠᠢ ᠭᠠᠷᠤᠯ᠎ᠠ᠃ ᠢᠨᠹᠯᠢᠶᠠᠼ ᠤᠨ ᠬᠡᠯᠪᠡᠯᠵᠡᠯ ᠨᠢ ᠭᠠᠵᠠᠷ ᠤᠨ ᠲᠣᠰᠤᠨ ᠤ ᠳᠡᠯᠡᠬᠡᠢ ᠶᠢᠨ ᠵᠠᠬ᠎ᠠ ᠵᠡᠭᠡᠯᠢ ᠶᠢᠨ ᠦᠨ᠎ᠡ ᠶᠢ ᠳᠠᠭᠠᠭᠰᠠᠨ ᠰᠢᠲᠠᠬᠤᠨ ᠤ ᠦᠨ᠎ᠡ᠂ ᠨᠡᠶᠢᠯᠡᠭᠦᠯᠦᠯᠲᠡ ᠶᠢᠨ ᠳᠣᠭᠣᠯᠳᠠᠯ ᠠᠴᠠ ᠰᠢᠯᠲᠠᠭᠠᠯᠠᠭᠰᠠᠨ ᠮᠢᠬᠠᠨ ᠤ ᠦᠨ᠎ᠡ ᠶᠢᠨ ᠣᠭᠴᠣᠮ ᠥᠭᠡᠷᠡᠴᠢᠯᠡᠯᠲᠡ ᠪᠡᠷ ᠲᠠᠶᠢᠯᠪᠤᠷᠢᠯᠠᠭᠳᠠᠵᠤ ᠪᠠᠶᠢᠭ᠎ᠠ ᠪᠣᠯ ᠡᠷᠢᠯᠲᠡ ᠶᠢᠨ ᠰᠢᠯᠲᠠᠭᠠᠨ ᠲᠠᠢ ᠰᠠᠭᠤᠷᠢ ᠢᠨᠹᠯᠢᠶᠠᠼ ᠲᠣᠭᠲᠠᠪᠤᠷᠢᠲᠠᠢ ᠪᠠᠶᠢᠨ᠎ᠠ᠃ ᠠᠭᠤᠯᠠ ᠠᠭᠤᠷᠬᠠᠢ ᠶᠢᠨ ᠰᠠᠯᠪᠤᠷᠢ ᠶᠢᠨ ᠥᠰᠦᠯᠲᠡ ᠡᠨᠡ ᠣᠨ ᠤ ᠡᠬᠢᠨ ᠦ ᠤᠯᠠᠷᠢᠯ ᠳᠤ ᠬᠦᠯᠢᠶᠡᠯᠲᠡ ᠡᠴᠡ ᠳᠠᠪᠠᠵᠤ᠂  ᠪᠢᠽᠢᠨᠧᠰ  ᠦᠨ ᠵᠢᠭᠡᠯᠡ ᠲᠣᠭᠲᠠᠪᠤᠷᠢᠲᠠᠢ ᠥᠰᠴᠦ᠂ ᠬᠥᠷᠥᠩᠭᠡ ᠣᠷᠣᠭᠤᠯᠤᠯᠲᠠ᠂ ᠲᠥᠰᠥᠪ ᠦᠨ ᠵᠠᠷᠤᠳᠠᠯ ᠨᠡᠮᠡᠭᠳᠡᠭᠰᠡᠨ ᠢᠶᠡᠷ ᠡᠳ᠋ ᠦᠨ ᠵᠠᠰᠠᠭ ᠥᠰᠴᠦ ᠪᠠᠶᠢᠨ᠎ᠠ ᠭᠡᠪᠡ᠃

ᠰᠡᠳᠬᠢᠭᠳᠡᠯ ᠦᠯᠡᠳᠡᠭᠡᠬᠦ