︽ᠮᠣᠩᠭᠣᠯ ᠰᠢᠨᠡᠴᠢᠯᠡᠯᠲᠡ︾ ᠨᠠᠮ ᠢ ᠪᠦᠷᠢᠳᠬᠡᠯ᠎ᠡ  | News.MN

 ︽ᠮᠣᠩᠭᠣᠯ ᠰᠢᠨᠡᠴᠢᠯᠡᠯᠲᠡ︾ ᠨᠠᠮ ᠢ ᠪᠦᠷᠢᠳᠬᠡᠯ᠎ᠡ 

︽ᠮᠣᠩᠭᠣᠯ ᠰᠢᠨᠡᠴᠢᠯᠡᠯᠲᠡ︾ ᠨᠠᠮ ᠢ ᠤᠯᠤᠰ ᠤᠨ ᠪᠦᠷᠢᠳᠬᠡᠯ ᠳᠦ ᠪᠥᠷᠢᠳᠬᠡᠭᠦᠯᠬᠦ ᠲᠤᠬᠠᠢ ᠨ∙ᠵᠠᠮᠰᠠᠷᠠᠨ ᠨᠠᠷ ᠤᠨ ᠬᠦᠰᠡᠯᠲᠡ ᠶᠢ ᠤᠯᠤᠰ ᠤᠨ ᠳᠡᠭᠡᠳᠦ ᠰᠢᠭᠦᠬᠦ 2019 ᠣᠨ ᠤ 6 ᠳ᠋ᠤᠭᠠᠷ ᠰᠠᠷ᠎ᠠ ᠶᠢᠨ 26 ᠤ ᠡᠳᠦᠷ ᠬᠢᠨᠠᠨ ᠬᠡᠯᠡᠯᠴᠡᠪᠡ᠃ ᠬᠦᠰᠡᠯᠲᠡ ᠭᠠᠷᠭᠠᠭᠴᠢ ᠶᠢᠨ ᠢᠷᠡᠭᠦᠯᠦᠭᠰᠡᠨ ᠪᠠᠷᠢᠮᠲᠠ ᠪᠣᠯᠤᠨ ᠨᠠᠮ ᠤᠨ ᠳᠦᠷᠢᠮ᠂ ᠮᠥᠷ ᠦᠨ ᠬᠥᠲᠥᠯᠪᠦᠷᠢ ᠨᠢ ᠦᠨᠳᠦᠰᠦᠨ ᠬᠠᠤᠯᠢ᠂ ︽ᠤᠯᠤᠰ ᠲᠥᠷᠥ ᠶᠢᠨ ᠨᠠᠮ ᠤᠨ ᠲᠤᠬᠠᠢ︾ ᠬᠠᠤᠯᠢ᠂ ︽ᠬᠠᠤᠯᠢ ᠶᠢᠨ ᠡᠲᠡᠭᠡᠳ ᠦᠨ ᠤᠯᠤᠰ ᠤᠨ ᠪᠦᠷᠢᠳᠬᠡᠯ ᠦᠨ ᠲᠤᠬᠠᠢ︾ ᠬᠠᠤᠯᠢ ᠳᠤ ᠨᠡᠶᠢᠴᠡᠭᠰᠡᠨ ᠭᠡᠵᠦ ᠳᠡᠭᠡᠳᠦ ᠰᠢᠭᠦᠬᠦ ᠦᠵᠡᠵᠦ᠂ ᠤᠭ ᠨᠠᠮ ᠢ ᠤᠯᠤᠰ ᠤᠨ ᠪᠦᠷᠢᠳᠬᠡᠯ ᠳᠦ ᠪᠦᠷᠢᠳᠬᠡᠵᠦ᠂ ᠭᠡᠷᠡᠴᠢᠯᠡᠭᠡ ᠣᠯᠭᠤᠬᠤ ᠪᠠᠷ ᠰᠢᠢᠳᠪᠦᠷᠢᠯᠡᠪᠡ᠃ ᠢᠩᠭᠢᠭᠰᠡᠨ ᠢᠶᠡᠷ  ︽ᠮᠣᠩᠭᠣᠯ ᠰᠢᠨᠡᠴᠢᠯᠡᠯᠲᠡ︾ ᠨᠠᠮ ᠨᠢ ᠮᠣᠩᠭᠣᠯ ᠤᠯᠤᠰ ᠲᠤ ᠤᠯᠤᠰ ᠲᠥᠷᠥ ᠶᠢᠨ ᠦᠢᠯᠡ ᠠᠵᠢᠯᠯᠠᠭ᠎ᠠ ᠶᠠᠪᠤᠭᠤᠯᠬᠤ ᠡᠷᠬᠡ ᠲᠡᠢ ᠪᠣᠯᠵᠤ ᠪᠠᠶᠢᠭ᠎ᠠ ᠪᠥᠭᠡᠳ ᠦᠨᠳᠦᠰᠦᠨ ᠬᠠᠤᠯᠢ᠂ ᠤᠯᠤᠰ ᠲᠥᠷᠥ ᠶᠢᠨ ᠨᠠᠮ ᠤᠨ ᠲᠤᠬᠠᠢ ᠬᠠᠤᠯᠢ ᠪᠣᠯᠤᠨ ᠪᠤᠰᠤᠳ ᠬᠠᠤᠯᠢ ᠳᠤ ᠨᠡᠶᠢᠴᠡᠭᠦᠯᠵᠦ ᠦᠢᠯᠡ ᠠᠵᠢᠯᠯᠠᠭ᠎ᠠ ᠪᠠᠨ ᠶᠠᠪᠤᠭᠤᠯᠬᠤ ᠶᠢ ᠳᠡᠭᠡᠳᠦ ᠰᠢᠭᠦᠬᠦ ᠳᠠᠭᠠᠭᠠᠯᠭᠠᠵᠠᠢ᠃ ︽ᠮᠣᠩᠭᠣᠯ ᠰᠢᠨᠡᠴᠢᠯᠡᠯᠲᠡ︾ ᠨᠠᠮ ᠨᠢ ᠤᠯᠤᠰ ᠤᠨ ᠪᠦᠷᠢᠳᠬᠡᠯ ᠳᠦ ᠪᠦᠷᠢᠳᠬᠡᠯ ᠲᠡᠢ 33  ᠳ᠋ᠡᠬᠢ ᠨᠠᠮ ᠪᠣᠯᠵᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ