ᠪ∙ᠪᠠᠲᠤᠡᠷᠳᠡᠨᠢ ᠴᠠᠶᠢᠺᠤᠸᠢᠰᠺᠢ ᠶᠢᠨ ᠱᠠᠩᠨᠠᠯ ᠬᠦᠷᠲᠡᠯ᠎ᠡ  | News.MN

ᠪ∙ᠪᠠᠲᠤᠡᠷᠳᠡᠨᠢ ᠴᠠᠶᠢᠺᠤᠸᠢᠰᠺᠢ ᠶᠢᠨ ᠱᠠᠩᠨᠠᠯ ᠬᠦᠷᠲᠡᠯ᠎ᠡ 

ᠴᠠᠶᠢᠺᠤᠸᠢᠰᠺᠢ ᠶᠢᠨ ᠨᠡᠷᠡᠮᠵᠢᠲᠦ ᠬᠥᠭᠵᠢᠮᠴᠢᠳ᠂ ᠳᠠᠭᠤᠤᠷᠢ ᠶᠢᠨ ᠳᠠᠭᠤᠯᠠᠭᠠᠴᠢᠳ ᠤᠨ ᠣᠯᠠᠨ ᠤᠯᠤᠰ ᠤᠨ  ᠠᠷᠪᠠᠨ  ᠵᠢᠷᠭᠤᠳᠤᠭᠠᠷ ᠤᠷᠤᠯᠳᠤᠭᠠᠨ ᠤ  ︽ᠰᠢᠯᠢᠳᠡᠭ  ᠺᠤᠨᠰᠸᠷᠲ ᠮᠠᠶᠢᠰᠲᠸᠷ ︾ ᠲᠡᠦᠬᠡᠨ ᠱᠠᠩᠨᠠᠯ ᠢ ᠮᠣᠩᠭᠣᠯ ᠠᠴᠠ ᠠᠩᠬ᠎ᠠ ᠤᠳᠠᠭ᠎ᠠ ᠲᠡᠭᠦᠯᠳᠡᠷ ᠬᠤᠭᠤᠷᠴᠢ ᠪ∙ᠪᠠᠲᠤᠡᠷᠳᠡᠨᠢ ᠬᠦᠷᠲᠡᠯ᠎ᠡ᠃
ᠳᠡᠯᠡᠬᠡᠢ ᠶᠢᠨ ᠤᠷᠠᠯᠢᠭ ᠤᠨ ᠣᠯᠢᠮᠫ ᠭᠡᠭᠳᠡᠳᠡᠭ ᠡᠨᠡᠬᠦ ᠨᠠᠭᠠᠳᠤᠮ ᠳᠤ ᠣᠷᠣᠯᠴᠠᠵᠤ᠂ ᠮᠣᠩᠭᠣᠯ ᠤᠨ ᠬᠥᠭᠵᠢᠮ ᠦᠨ ᠰᠠᠯᠪᠤᠷᠢ᠂ ᠲᠡᠷᠡ ᠳᠤᠮᠳᠠ ᠪᠠᠨ ᠲᠡᠭᠦᠯᠳᠡᠷ ᠬᠤᠭᠤᠷᠴᠢᠳ ᠤᠨ ᠤᠷ᠎ᠠ ᠴᠢᠳᠠᠪᠤᠷᠢ ᠶᠢ ᠣᠯᠠᠨ ᠤᠯᠤᠰ ᠲᠤ ᠲᠠᠨᠢᠭᠤᠯᠤᠭᠰᠠᠨ ᠲᠡᠦᠬᠡᠨ ᠦᠢᠯᠡ ᠶᠠᠪᠤᠳᠠᠯ ᠡᠶᠢᠨ ᠬᠦ ᠲᠣᠬᠢᠶᠠᠪᠠ᠃ ᠡᠨᠡ ᠵᠢᠯ ᠦᠨ ᠨᠠᠭᠠᠳᠤᠮ ᠤᠨ ᠰᠢᠯᠢᠳᠡᠭ 20 ᠍ ᠳᠦ ᠮᠣᠩᠭᠣᠯ ᠠᠴᠠ ᠬᠣᠶᠠᠷ ᠳᠠᠭᠤᠴᠢᠨ᠂ ᠨᠢᠭᠡ ᠬᠥᠭᠵᠢᠮᠴᠢᠨ ᠪᠠᠭᠲᠠᠭᠰᠠᠨ ᠶᠤᠮ᠃ ᠲᠡᠭᠦᠯᠳᠡᠷ ᠬᠤᠭᠤᠷᠴᠢ ᠪ∙ᠪᠠᠲᠤᠡᠷᠳᠡᠨᠢ ᠪᠠᠭ᠎ᠠ ᠨᠠᠰᠤᠨ ᠠᠴᠠ ᠪᠠᠨ ᠡᠬᠢᠯᠡᠨ ᠥᠪᠡᠷ ᠦᠨ ᠣᠷᠣᠨ ᠳᠤ ᠪᠠᠨ ᠲᠡᠳᠦᠢ ᠦᠭᠡᠢ ᠣᠯᠠᠨ ᠤᠯᠤᠰ ᠲᠤ ᠵᠣᠬᠢᠶᠠᠨ ᠪᠠᠶᠢᠭᠤᠯᠤᠭᠳᠠᠭᠰᠠᠨ ᠲᠡᠭᠦᠯᠳᠡᠷ ᠬᠤᠭᠤᠷᠴᠢᠳ ᠤᠨ ᠤᠷᠤᠯᠳᠤᠭᠠᠨ ᠲᠡᠮᠡᠴᠡᠭᠡᠨ ᠳᠦ ᠠᠮᠵᠢᠯᠲᠠᠲᠠᠢ ᠣᠷᠣᠯᠴᠠᠨ᠂ ᠲᠡᠷᠢᠭᠦᠨ ᠪᠣᠯᠤᠨ ᠳᠡᠳ᠋ ᠪᠠᠶᠢᠷᠢ ᠨᠤᠭᠤᠳ ᠡᠵᠡᠯᠡᠵᠦ ᠪᠠᠶᠢᠭᠰᠠᠨ ᠲᠡᠦᠬᠡ ᠲᠡᠢ᠃

ᠰᠡᠳᠬᠢᠭᠳᠡᠯ ᠦᠯᠡᠳᠡᠭᠡᠬᠦ