︽ᠡᠺᠰᠫᠣᠷᠲ ᠢ ᠳᠡᠮᠵᠢᠬᠦ ᠵᠥᠪᠯᠡᠯ︾ ᠦᠨ ᠠᠩᠬᠠᠳᠤᠭᠠᠷ ᠬᠤᠷᠠᠯᠳᠤᠭᠠᠨ ᠪᠣᠯᠪᠠ  | News.MN

 ︽ᠡᠺᠰᠫᠣᠷᠲ ᠢ ᠳᠡᠮᠵᠢᠬᠦ ᠵᠥᠪᠯᠡᠯ︾ ᠦᠨ ᠠᠩᠬᠠᠳᠤᠭᠠᠷ ᠬᠤᠷᠠᠯᠳᠤᠭᠠᠨ ᠪᠣᠯᠪᠠ 

ᠮᠣᠩᠭᠣᠯ ᠤᠯᠤᠰ ᠤᠨ ᠶᠡᠷᠦᠩᠬᠡᠢ ᠰᠠᠶᠢᠳ ᠤᠨ 2019 ᠣᠨ ᠤ 37 ᠳ᠋ᠤᠭᠠᠷ ᠵᠠᠬᠢᠷᠤᠮᠵᠢ ᠪᠠᠷ ᠪᠠᠶᠢᠭᠤᠯᠤᠭᠳᠠᠭᠰᠠᠨ ︽ᠡᠺᠰᠫᠣᠷᠲ ᠢ ᠳᠡᠮᠵᠢᠬᠦ ᠵᠥᠪᠯᠡᠯ︾ ᠍ ᠦᠨ ᠠᠩᠬᠠᠳᠤᠭᠠᠷ ᠬᠤᠷᠠᠯᠳᠤᠭᠠᠨ 2019 ᠣᠨ ᠤ 6 ᠳ᠋ᠤᠭᠠᠷ ᠰᠠᠷ᠎ᠠ ᠶᠢᠨ 25 ᠍ ᠳᠦ ᠭᠠᠳᠠᠭᠠᠳᠤ ᠬᠠᠷᠢᠯᠴᠠᠭᠠᠨ ᠤ ᠶᠠᠮᠤᠨ ᠳᠤ ᠪᠣᠯᠪᠠ᠃ ᠬᠤᠷᠠᠯᠳᠤᠭᠠᠨ ᠢ ᠭᠠᠳᠠᠭᠠᠳᠤ ᠬᠠᠷᠢᠯᠴᠠᠭᠠᠨ ᠤ ᠰᠠᠶᠢᠳ᠂ ᠵᠥᠪᠯᠡᠯ ᠦᠨ ᠳᠠᠷᠤᠭ᠎ᠠ ᠳ ∙ ᠴᠣᠭᠲᠤᠪᠠᠭᠠᠲᠤᠷ ᠤᠳᠤᠷᠢᠳᠤᠨ ᠶᠠᠪᠤᠭᠤᠯᠪᠠ᠃ ᠮᠣᠩᠭᠣᠯ ᠤᠯᠤᠰ ᠤᠨ ᠵᠠᠰᠠᠭ ᠤᠨ ᠭᠠᠵᠠᠷ ᠤᠨ 2018 ᠣᠨ ᠤ 278 ᠳ᠋ᠤᠭᠠᠷ ᠲᠣᠭᠲᠠᠭᠠᠯ ᠢᠶᠠᠷ ᠪᠠᠲᠤᠯᠠᠭᠳᠠᠭᠰᠠᠨ ︽ᠮᠣᠩᠭᠣᠯ ᠡᠺᠰᠫᠣᠷᠲ︾ ᠬᠥᠲᠥᠯᠪᠦᠷᠢ  ᠶᠢ ᠬᠡᠷᠡᠭᠵᠢᠭᠦᠯᠬᠦ᠂ ᠠᠭᠤᠯᠠ ᠠᠭᠤᠷᠬᠠᠢ ᠶᠢᠨ ᠪᠤᠰᠤ ᠪᠦᠲᠦᠭᠡᠭᠳᠡᠬᠦᠨ ᠦ ᠡᠺᠰᠫᠣᠷᠲ ᠢ ᠨᠡᠮᠡᠭᠳᠡᠭᠦᠯᠬᠦ᠂ ᠳᠡᠮᠵᠢᠬᠦ ᠳᠦ ᠰᠠᠯᠪᠤᠷᠢ ᠬᠣᠭᠣᠷᠣᠨᠳᠣ ᠶᠢᠨ ᠤᠶᠠᠯᠳᠤᠭ᠎ᠠ ᠶᠢ ᠬᠠᠩᠭᠠᠵᠤ ᠠᠵᠢᠯᠯᠠᠬᠤ ᠳᠤ ᠵᠥᠪᠯᠡᠯ ᠦᠨ ᠭᠣᠣᠯ ᠡᠭᠦᠷᠭᠡ ᠴᠢᠭᠯᠡᠭᠳᠡᠨ᠎ᠡ᠃ ᠵᠥᠪᠯᠡᠯ ᠦᠨ ᠳᠠᠷᠤᠭ᠎ᠠ ᠪᠠᠷ ᠭᠠᠳᠠᠭᠠᠳᠤ ᠬᠠᠷᠢᠯᠴᠠᠭᠠᠨ ᠤ ᠰᠠᠶᠢᠳ᠂ ᠳᠡᠳ᠋ ᠳᠠᠷᠤᠭ᠎ᠠ ᠪᠠᠷ ᠬᠦᠨᠡᠰᠦ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠳᠡᠳ᠋ ᠰᠠᠶᠢᠳ ᠠᠵᠢᠯᠯᠠᠬᠤ ᠶᠤᠮ᠃
ᠵᠥᠪᠯᠡᠯ ᠦᠨ ᠪᠦᠷᠢᠯᠳᠦᠬᠦᠨ ᠳᠦ ᠰᠠᠩ ᠤᠨ ᠶᠠᠮᠤᠨ ᠂ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ᠂ ᠵᠠᠮ᠂ ᠲᠡᠭᠡᠭᠡᠪᠦᠷᠢ ᠶᠢᠨ ᠬᠥᠭᠵᠢᠯ ᠦᠨ ᠶᠠᠮᠤᠨ ᠂ ᠪᠠᠷᠢᠯᠭ᠎ᠠ ᠬᠣᠲᠠ ᠪᠠᠶᠢᠭᠤᠯᠤᠯᠲᠠ ᠶᠢᠨ ᠶᠠᠮᠤᠨ ᠂ ᠮᠡᠷᠭᠡᠵᠢᠯ ᠦᠨ ᠬᠢᠨᠠᠯᠲᠠ ᠶᠢᠨ ᠶᠡᠷᠦᠩᠬᠡᠢ ᠭᠠᠵᠠᠷ᠂ ᠰᠲ᠋ᠠᠨᠳᠠᠷᠲ ᠬᠡᠮᠵᠢᠯ ᠵᠦᠢ ᠶᠢᠨ ᠭᠠᠵᠠᠷ ᠵᠡᠷᠭᠡ ᠡᠺᠰᠫᠣᠷᠲ ᠤᠨ ᠪᠣᠳᠣᠯᠭ᠎ᠠ ᠶᠢ ᠲᠣᠳᠣᠷᠬᠠᠶᠢᠯᠠᠬᠤ᠂ ᠬᠡᠷᠡᠭᠵᠢᠭᠦᠯᠬᠦ᠂ ᠵᠣᠬᠢᠴᠠᠭᠤᠯᠬᠤ ᠴᠢᠭ ᠡᠭᠦᠷᠭᠡ ᠪᠦᠬᠦᠢ ᠲᠥᠷᠥ ᠶᠢᠨ ᠪᠠᠶᠢᠭᠤᠯᠤᠯᠭ᠎ᠠ ᠨᠤᠭᠤᠳ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ᠂ ᠤᠯᠠᠭᠠᠨᠪᠠᠭᠠᠲᠤᠷ ᠬᠣᠲᠠ ᠶᠢᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ᠂ ᠮᠣᠩᠭᠣᠯ ᠤᠨ ᠠᠵᠢᠯ ᠣᠯᠭᠤᠭᠴᠢ ᠡᠵᠡᠳ ᠦᠨ ᠨᠢᠭᠡᠳᠦᠭᠰᠡᠨ ᠬᠣᠯᠪᠣᠭ᠎ᠠ᠂ ︽ᠲᠣᠷᠭᠠᠨ ᠤ ᠵᠠᠮ︾ ᠰᠠᠩ ᠵᠡᠷᠭᠡ ᠪᠢᠽᠢᠨᠧᠰ ᠡᠷᠬᠢᠯᠡᠭᠴᠢᠳ ᠦᠨ ᠡᠷᠬᠡ ᠠᠰᠢᠭ ᠢ ᠬᠠᠮᠠᠭᠠᠯᠠᠳᠠᠭ᠂ ᠲᠥᠯᠦᠭᠡᠯᠡᠳᠡᠭ ᠲᠥᠷᠥ ᠶᠢᠨ ᠪᠤᠰᠤ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠪᠠᠭᠲᠠᠵᠤ ᠪᠠᠶᠢᠨ᠎ᠠ᠃ ᠠᠩᠬᠠᠳᠤᠭᠠᠷ ᠬᠤᠷᠠᠯᠳᠤᠭᠠᠨ ᠢᠶᠠᠷ ᠵᠥᠪᠯᠡᠯ ᠦᠨ ᠦᠢᠯᠡ ᠠᠵᠢᠯᠯᠠᠭᠠᠨ ᠤ ᠵᠢᠷᠤᠮ᠂ ︽ᠮᠣᠩᠭᠣᠯ ᠡᠺᠰᠫᠣᠷᠲ ᠬᠥᠲᠥᠯᠪᠦᠷᠢ︾  ᠶᠢᠨ ᠬᠡᠷᠡᠭᠵᠢᠯᠲᠡ ᠶᠢᠨ ᠶᠠᠪᠤᠴᠠ᠂ ᠡᠺᠰᠫᠣᠷᠲ ᠤᠨ ᠪᠣᠳᠣᠯᠭ᠎ᠠ ᠶᠢᠨ ᠰᠠᠨᠠᠯ᠂ ᠢᠮᠠᠭᠠᠨ ᠤ  ᠨᠤᠯᠤᠤᠷ ᠤᠨ ᠦᠢᠯᠡᠳᠪᠦᠷᠢᠯᠡᠯ᠂ ᠬᠤᠳᠠᠯᠳᠤᠭᠠᠨ ᠳᠤ ᠮᠦᠷᠳᠡᠬᠦ ᠲᠧᠭᠨᠢᠭ ᠦᠨ ᠵᠣᠬᠢᠴᠠᠭᠤᠯᠤᠯᠲᠠ ᠶᠢᠨ ᠲᠤᠬᠠᠢ᠂ ︽ᠣᠯᠠᠨ ᠤᠯᠤᠰ ᠤᠨ ᠬᠤᠳᠠᠯᠳᠤᠭᠠᠨ ᠤ ᠲᠥᠪ︾᠍ ᠡᠴᠡ ᠬᠡᠷᠡᠭᠵᠢᠭᠦᠯᠦᠭᠰᠡᠨ ︽ᠮᠣᠩᠭᠣᠯ ᠤᠯᠤᠰ ᠤᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢᠨ ᠵᠠᠮ ᠤᠨ ᠵᠢᠷᠤᠭᠯᠠᠯ︾ ᠲᠥᠰᠥᠯ ᠦᠨ ᠦᠷ᠎ᠡ ᠳ᠋ᠦᠩ᠂ ᠴᠢᠨᠠᠭᠰᠢᠳᠠ ᠠᠪᠬᠤ ᠠᠷᠭ᠎ᠠ ᠬᠡᠮᠵᠢᠶᠡᠨ ᠦ ᠲᠤᠬᠠᠢ ᠪᠣᠯᠤᠨ ᠮᠢᠬ᠎ᠠ ᠮᠢᠬᠠᠨ ᠪᠦᠲᠦᠭᠡᠭᠳᠡᠬᠦᠨ ᠦ ᠣᠯᠠᠨ ᠤᠯᠤᠰ ᠤᠨ ᠹᠣᠷᠣᠮ ᠵᠣᠬᠢᠶᠠᠨ ᠪᠠᠶᠢᠭᠤᠯᠬᠤ ᠰᠠᠨᠠᠯ ᠵᠡᠷᠭᠡ ᠠᠰᠠᠭᠤᠳᠠᠯ ᠢ ᠬᠡᠯᠡᠯᠴᠡᠵᠦ᠂ ᠬᠤᠷᠠᠯᠳᠤᠭᠠᠨ ᠠᠴᠠ ᠲᠣᠭᠲᠠᠭᠠᠯ ᠭᠠᠷᠭᠠᠬᠤ ᠪᠠᠷ ᠰᠢᠢᠳᠪᠦᠷᠢᠯᠡᠪᠡ᠃
ᠵᠥᠪᠯᠡᠯ ᠦᠨ ᠦᠢᠯᠡ ᠠᠵᠢᠯᠯᠠᠭᠠᠨ ᠤ ᠵᠢᠷᠤᠮ ᠳᠤ ᠵᠢᠭᠠᠭᠰᠠᠨ ᠢᠶᠠᠷ ᠵᠥᠪᠯᠡᠯ ᠲᠣᠳᠣᠷᠬᠠᠢ ᠰᠠᠯᠪᠤᠷᠢ ᠬᠠᠷᠢᠭᠤᠴᠠᠭᠰᠠᠨ ᠳᠡᠳ᠋ ᠬᠣᠷᠢᠶ᠎ᠠ ᠲᠠᠢ ᠠᠵᠢᠯᠯᠠᠬᠤ ᠠᠴᠠ ᠭᠠᠳᠠᠨ᠎ᠠ᠂ ᠤᠯᠠᠷᠢᠯ ᠲᠤᠲᠤᠮ ᠳᠤ ᠨᠢᠭᠡ ᠡᠴᠡ ᠳᠣᠭᠣᠭᠰᠢ ᠦᠭᠡᠢ ᠤᠳᠠᠭ᠎ᠠ ᠬᠤᠷᠠᠯᠳᠤᠵᠤ᠂ ᠡᠺᠰᠫᠣᠷᠲ ᠲᠡᠭᠦᠨ ᠦ ᠳᠣᠲᠣᠷ᠎ᠠ ᠠᠭᠤᠯᠠ ᠠᠭᠤᠷᠬᠠᠢ ᠶᠢᠨ ᠪᠤᠰᠤ ᠪᠦᠲᠦᠭᠡᠭᠳᠡᠬᠦᠨ ᠦ ᠡᠺᠰᠫᠣᠷᠲ ᠢ ᠨᠡᠮᠡᠭᠳᠡᠭᠦᠯᠬᠦ ᠳᠦ ᠳᠡᠮᠵᠢᠯᠭᠡ ᠦᠵᠡᠭᠦᠯᠬᠦ ᠠᠰᠠᠭᠤᠳᠠᠯ ᠢ ᠬᠡᠯᠡᠯᠴᠡᠵᠦ᠂ ᠰᠢᠢᠳᠪᠦᠷᠢ᠂ ᠵᠥᠪᠯᠡᠮᠵᠢ ᠭᠠᠷᠭᠠᠵᠤ᠂ ᠬᠡᠷᠡᠭᠵᠢᠯᠲᠡ ᠶᠢ ᠬᠠᠩᠭᠠᠨ ᠠᠵᠢᠯᠯᠠᠬᠤ ᠶᠤᠮ᠃

ᠰᠡᠳᠬᠢᠭᠳᠡᠯ ᠦᠯᠡᠳᠡᠭᠡᠬᠦ