︽ᠭᠣᠪᠢ ᠶᠢᠨ ᠴᠢᠨᠣ᠎ᠠ-2019 ︾ ᠶᠢᠨ ᠪᠡᠯᠡᠳᠬᠡᠯ ᠲᠠᠢ ᠲᠠᠨᠢᠯᠴᠠᠯ᠎ᠠ  | News.MN

 ︽ᠭᠣᠪᠢ ᠶᠢᠨ ᠴᠢᠨᠣ᠎ᠠ-2019 ︾ ᠶᠢᠨ ᠪᠡᠯᠡᠳᠬᠡᠯ ᠲᠠᠢ ᠲᠠᠨᠢᠯᠴᠠᠯ᠎ᠠ 

ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ᠂ ᠠᠮᠧᠷᠢᠺᠠ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ᠂ ᠡᠨᠡᠳᠬᠡᠭ ᠨᠣᠮᠣᠬᠠᠨ ᠳᠠᠯᠠᠢ ᠶᠢᠨ ᠴᠡᠷᠢᠭ ᠦᠨ ᠺᠤᠮᠠᠨᠳ᠋ᠯᠠᠯ ᠲᠠᠢ ᠬᠠᠮᠲᠤᠷᠠᠨ ︽ᠭᠣᠪᠢ ᠶᠢᠨ ᠴᠢᠨᠣ᠎ᠠ -2019︾ ᠭᠠᠮᠰᠢᠭ ᠤᠨ ᠬᠣᠣᠷ ᠤᠷᠰᠢᠭ ᠢ ᠠᠷᠢᠯᠭᠠᠬᠤ ᠣᠯᠠᠨ ᠤᠯᠤᠰ ᠤᠨ ᠰᠤᠷᠭᠠᠯᠲᠠ᠂ ᠳᠠᠳᠤᠯᠭ᠎ᠠ ᠰᠤᠷᠭᠠᠭᠤᠯᠢ ᠶᠢ ᠢᠷᠡᠬᠦ 09  ᠳ᠋ᠤᠭᠡᠷ ᠰᠠᠷ᠎ᠠ ᠶᠢᠨ 09-23 ᠍ ᠤ ᠡᠳᠦᠷ ᠦᠳ ᠲᠦ ᠳᠣᠷᠣᠨᠠᠭᠣᠪᠢ ᠠᠶᠢᠮᠠᠭ ᠲᠤ ᠵᠣᠬᠢᠶᠠᠨ ᠪᠠᠶᠢᠭᠤᠯᠬᠤ ᠪᠠᠷ ᠪᠡᠯᠡᠳᠬᠡᠯ ᠢ ᠬᠠᠩᠭᠠᠨ ᠠᠵᠢᠯᠯᠠᠵᠤ ᠪᠠᠶᠢᠨ᠎ᠠ᠃
︽ᠪᠥᠰᠡ ᠶᠢᠨ ᠤᠳᠤᠷᠢᠳᠤᠯᠭ᠎ᠠ ᠵᠣᠬᠢᠶᠠᠨ ᠪᠠᠶᠢᠭᠤᠯᠤᠯᠲᠠ᠂ ᠬᠠᠷᠢᠯᠴᠠᠨ ᠠᠵᠢᠯᠯᠠᠭ᠎ᠠ︾ ᠰᠡᠳᠦᠪ ᠢᠶᠡᠷ ᠵᠣᠬᠢᠶᠠᠨ ᠪᠠᠶᠢᠭᠤᠯᠤᠭᠳᠠᠬᠤ ᠲᠤᠰ ᠰᠤᠷᠭᠠᠭᠤᠯᠢ ᠶᠢᠨ ᠪᠡᠯᠡᠳᠬᠡᠯ ᠠᠵᠢᠯ ᠤᠨ ᠶᠠᠪᠤᠴᠠ ᠲᠠᠢ  ᠤᠨᠴᠠᠭᠠᠢ ᠪᠠᠶᠢᠳᠠᠯ ᠤᠨ ᠶᠡᠷᠦᠩᠬᠡᠢ ᠭᠠᠵᠠᠷ᠂ ᠠᠮᠧᠷᠢᠺᠠ ᠶᠢᠨ ᠴᠡᠷᠢᠭ ᠦᠨ ᠠᠲᠲ᠋ᠠᠱᠧ ᠪᠣᠯᠤᠨ ᠬᠣᠯᠪᠣᠭᠳᠠᠬᠤ ᠠᠯᠪᠠᠨ ᠤ ᠲᠥᠯᠥᠭᠡᠯᠡᠯ ᠦᠳ ᠲᠠᠨᠢᠯᠴᠠᠯ᠎ᠠ᠃ ᠡᠨᠡ ᠵᠢᠯ ︽ᠭᠣᠪᠢ ᠶᠢᠨ ᠴᠢᠨᠣ᠎ᠠ︾ ᠣᠯᠠᠨ ᠤᠯᠤᠰ ᠤᠨ ᠰᠤᠷᠭᠠᠯᠲᠠ᠂ ᠳᠠᠳᠤᠯᠭ᠎ᠠ ᠶᠢ ᠡᠮᠦᠨᠡᠲᠦ ᠪᠥᠰᠡ ᠶᠢᠨ ᠣᠨᠴᠠᠭᠠᠢ ᠪᠠᠶᠢᠳᠠᠯ ᠤᠨ ᠭᠠᠵᠠᠷ ᠤᠳ ᠢ ᠬᠠᠮᠤᠷᠤᠭᠤᠯᠤᠨ ᠲᠠᠩᠬᠢᠮ ᠤᠨ ᠰᠤᠷᠭᠠᠯᠲᠠ ᠪᠣᠯᠤᠨ ᠪᠣᠯᠵᠣᠰᠢ ᠦᠭᠡᠢ ᠭᠠᠮᠰᠢᠭ ᠤᠨ ᠬᠣᠣᠷ ᠤᠷᠰᠢᠭ ᠢ ᠠᠷᠢᠯᠭᠠᠬᠤ ᠴᠢᠭᠯᠡᠯ ᠢᠶᠡᠷ ᠪᠣᠳᠠᠲᠤ ᠨᠥᠬᠥᠴᠡᠯ ᠪᠠᠶᠢᠳᠠᠯ ᠢ ᠳᠠᠭᠤᠷᠢᠶᠠᠯᠭᠠᠨ ᠦᠵᠡᠭᠦᠯᠬᠦ ᠳᠠᠳᠤᠯᠭ᠎ᠠ ᠰᠤᠷᠭᠠᠭᠤᠯᠢ ᠭᠡᠰᠡᠨ ᠬᠣᠶᠠᠷ ᠦᠶ᠎ᠡ ᠱᠠᠲᠤ ᠲᠠᠢ ᠪᠠᠷ ᠵᠣᠬᠢᠶᠠᠨ ᠪᠠᠶᠢᠭᠤᠯᠬᠤ ᠶᠤᠮ ᠭᠡᠵᠦ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ