ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠤᠨ ᠬᠠᠷᠢᠶ᠎ᠠ ︽ᠠᠪᠤᠷᠠᠭᠴᠢ︾ ᠪᠡᠶ᠎ᠡ ᠶᠢᠨ ᠲᠠᠮᠢᠷ ᠲᠧᠭᠨᠢᠭ ᠰᠫᠣᠷᠲ ᠤᠨ ᠬᠣᠷᠢᠶᠠᠨ ᠤ ᠲᠠᠮᠢᠷᠴᠢᠨ ᠬ∙ᠪᠣᠯᠣᠷᠲᠤᠶᠠᠭ᠎ᠠ ᠴᠢᠯᠦᠭᠡᠲᠦ ᠪᠥᠬᠡ ᠶᠢᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ 65 ᠺᠢᠯᠦᠭᠷᠡᠮ ᠦᠨ ᠵᠢᠩ ᠳᠦ ᠠᠯᠲᠠᠨ ᠮᠧᠳᠠᠯ ᠬᠦᠷᠲᠡᠵᠦ ᠂ ︽ᠨᠤᠷ ᠰᠤᠯᠲᠠᠨ-2019︾ ᠪᠥᠬᠡ ᠶᠢᠨ ᠲᠥᠷᠥᠯ ᠦᠳ ᠦᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠡᠬᠡ ᠣᠷᠣᠨ ᠢᠶᠠᠨ ᠲᠥᠯᠥᠭᠡᠯᠡᠨ ᠤᠷᠤᠯᠴᠠᠬᠤ ᠡᠷᠬᠡ ᠪᠡᠨ ᠠᠪᠤᠯ᠎ᠠ᠃ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠨᠡ ᠰᠠᠷ᠎ᠠ ᠶᠢᠨ 21-23 ᠦ ᠡᠳᠦᠷ ᠦᠳ ᠲᠦ ᠰᠣᠩᠭᠢᠨ᠎ᠠ ᠬᠠᠶᠢᠷᠬᠠᠨ ᠳᠡᠭᠦᠷᠭᠡ ᠶᠢᠨ ᠪᠡᠶ᠎ᠡ ᠶᠢᠨ ᠲᠠᠮᠢᠷ᠂ ᠰᠫᠣᠷᠲ ᠬᠣᠷᠢᠶᠠᠨ ᠤ ᠲᠠᠩᠬᠢᠮ ᠳᠦ ᠵᠣᠬᠢᠶᠠᠨ ᠪᠠᠶᠢᠭᠤᠯᠤᠭᠳᠠᠭᠰᠠᠨ ᠶᠤᠮ᠃