ᠪᠠᠯ ᠬᠤᠳᠠᠯᠳᠤᠵᠤ ᠠᠪᠬᠤ ᠪᠣᠯᠤᠮᠵᠢ ᠶᠢ ᠰᠤᠳᠤᠯᠵᠤ ᠪᠠᠶᠢᠨ᠎ᠠ  | News.MN

 ᠪᠠᠯ ᠬᠤᠳᠠᠯᠳᠤᠵᠤ ᠠᠪᠬᠤ ᠪᠣᠯᠤᠮᠵᠢ ᠶᠢ ᠰᠤᠳᠤᠯᠵᠤ ᠪᠠᠶᠢᠨ᠎ᠠ

ᠮᠠᠨ ᠤ ᠤᠯᠤᠰ ᠤᠨ ᠵᠥᠭᠡᠢ ᠶᠢᠨ ᠪᠠᠯ ᠤᠨ ᠦᠢᠯᠡᠳᠪᠦᠷᠢ ᠨᠦᠭᠦᠳ ᠲᠦ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠠᠴᠠ ᠡᠷᠡᠰᠳᠡᠯ ᠦᠨ ᠬᠢᠨᠠᠨ ᠮᠠᠭᠠᠳᠯᠠᠭᠠᠨ ᠤ ᠪᠠᠭ ᠢᠷᠡᠵᠦ ᠬᠢᠨᠠᠨ ᠮᠠᠭᠠᠳᠯᠠᠭᠠᠨ ᠬᠢᠵᠤ᠂ ᠬᠤᠳᠠᠯᠳᠤᠨ ᠠᠪᠬᠤ ᠪᠣᠯᠤᠮᠵᠢ ᠶᠢ ᠰᠤᠳᠤᠯᠬᠤ ᠪᠠᠷ ᠪᠣᠯᠤᠭᠰᠠᠨ ᠪᠠᠶᠢᠨ᠎ᠠ᠃ ᠲᠡᠶᠢᠮᠦ ᠡᠴᠡ ᠮᠡᠷᠭᠡᠵᠢᠯ ᠦᠨ ᠬᠢᠨᠠᠯᠲᠠ ᠶᠢᠨ ᠶᠡᠷᠦᠩᠬᠡᠢ ᠭᠠᠵᠠᠷ ᠤᠨ ᠬᠢᠨᠠᠯᠲᠠ ᠶᠢᠨ ᠤᠯᠤᠰ ᠤᠨ ᠪᠠᠶᠢᠴᠠᠭᠠᠭᠴᠢᠳ ᠵᠥᠭᠡᠢ ᠶᠢᠨ ᠪᠠᠯ ᠡᠺᠰᠫᠤᠷᠲᠯᠤᠬᠤ ᠬᠦᠰᠡᠯ ᠲᠡᠢ ᠵᠢᠷᠭᠤᠭᠠᠨ ᠠᠵᠤ ᠠᠬᠤᠢ ᠶᠢᠨ ᠨᠢᠭᠡᠴᠡ ᠶᠢᠨ ᠲᠥᠯᠥᠭᠡᠯᠡᠯ ᠲᠡᠢ ᠠᠭᠤᠯᠵᠠᠯᠲᠠ ᠬᠢᠵᠦ᠂ ᠵᠥᠭᠡᠢ ᠶᠢᠨ ᠠᠵᠤ ᠠᠬᠤᠢ᠂ ᠵᠥᠭᠡᠢ ᠶᠢᠨ  ᠪᠠᠯ ᠤᠨ ᠦᠢᠯᠡᠳᠪᠦᠷᠢ ᠨᠦᠭᠦᠳ ᠲᠦ ᠲᠠᠯᠪᠢᠭᠳᠠᠬᠤ ᠱᠠᠭᠠᠷᠳᠠᠯᠭ᠎ᠠ᠂ ᠲᠡᠭᠦᠨ ᠢ ᠠᠵᠤ ᠠᠬᠤᠢ ᠨᠢᠭᠡᠴᠡ ᠨᠦᠭᠦᠳ ᠦᠢᠯᠡᠳᠪᠦᠷᠢᠯᠡᠯ ᠳᠦ ᠬᠡᠷᠬᠢᠨ ᠨᠡᠪᠲᠡᠷᠡᠭᠦᠯᠬᠦ ᠲᠤᠬᠠᠢ ᠵᠥᠪᠯᠡᠮᠵᠢ ᠥᠭᠴᠡᠢ᠃

ᠰᠡᠳᠬᠢᠭᠳᠡᠯ ᠦᠯᠡᠳᠡᠭᠡᠬᠦ